ᠣᠷᠴᠢᠮᠬᠠᠨ《 ᠨᠠᠮ ᠤ᠋ᠨ ᠬᠣᠷᠢᠳᠤᠭᠠᠷ ᠶᠡᠬᠡ ᠬᠤᠷᠠᠯ ᠢ᠋ ᠪᠠᠶᠠᠷᠯᠠᠨ ᠤᠭᠲᠤᠵᠤ ᠰᠢᠨ᠎ᠡ ᠴᠠᠭ ᠦᠶ᠎ᠡ ᠪᠠᠨ ᠮᠠᠭᠲᠠᠨ ᠳᠠᠭᠤᠯᠠᠬᠤ》 ᠪᠡᠷ ᠭᠣᠣᠯ ᠰᠡᠳᠦᠪ ᠪᠣᠯᠭᠠᠭᠰᠠᠨ ᠨᠠᠢ᠍ᠮᠠᠳᠤᠭᠠᠷ ᠬᠤᠭᠤᠴᠠᠭᠠᠨ ᠤ᠋ ᠪᠦᠬᠦ ᠤᠯᠤᠰ ᠤ᠋ᠨ ᠴᠦ᠋ᠬᠡᠨ ᠲᠣᠭᠠᠲᠦ ᠦᠨᠳᠦᠰᠦᠲᠡᠨ ᠤ᠋ ᠳᠠᠭᠤᠷᠢᠯᠢᠭ ᠤ᠋ᠨ ᠦᠵᠡᠭᠦᠯᠭᠡ ᠶ᠋ᠢᠨ ᠲᠣᠭᠯᠠᠯᠲᠠ ᠣᠷᠳᠤᠰ ᠵᠦᠴᠦᠭᠡ ᠶ᠋ᠢᠨ ᠬᠦᠷᠢᠶᠡᠯᠡᠩ ᠳ᠋ᠤ᠌ ᠶᠠᠪᠤᠭᠳᠠᠪᠠ᠃
ᠲᠤᠰ ᠦᠵᠡᠭᠦᠯᠭᠡ ᠶ᠋ᠢᠨ ᠲᠣᠭᠯᠠᠯᠲᠠ ᠳ᠋ᠤ᠌᠂《ᠵᠠᠩᠭᠠᠷ》 ᠪᠠᠭᠠᠴᠤᠳ ᠬᠡᠦᠬᠡᠳ ᠤ᠋ᠨ ᠪᠦᠯᠬᠦᠮ ᠤ᠋ᠨ《 ᠵᠠᠩᠭᠠᠷ ᠤ᠋ᠨ ᠠᠷᠪᠠᠨ ᠬᠣᠶᠠᠷ ᠪᠠᠭᠠᠲᠤᠷ ᠤ᠋ᠨ ᠮᠠᠭᠲᠠᠭᠠᠯ》 ᠬᠡᠮᠡᠬᠦ ᠲᠣᠭᠯᠠᠯᠲᠠ ᠨᠢ ᠣᠯᠠᠨ ᠤ᠋ ᠠᠩᠬᠠᠷᠤᠯ ᠢ᠋ ᠳᠠᠲᠠᠪᠠ᠃
2022ᠣᠨ ᠤ᠋ ᠡᠬᠢ ᠪᠡᠷ᠂ ᠦᠦᠰᠢᠨ ᠬᠣᠰᠢᠭᠤᠨ ᠳ᠋ᠤ᠌ ᠪᠠᠭᠠᠲᠤᠷᠯᠢᠭ ᠲᠤᠤᠯᠢ 《 ᠵᠠᠩᠭᠠᠷ》 ᠢ᠋ ᠥᠪᠯᠡᠨ ᠤᠯᠠᠮᠵᠢᠯᠠᠬᠤ ᠦᠨ᠎ᠡ ᠲᠥᠯᠦᠪᠦᠷᠢ ᠦᠭᠡᠢ ᠵᠢᠭᠠᠨ ᠰᠤᠷᠭᠠᠯᠲᠠ ᠶᠠᠪᠤᠭᠳᠠᠭᠰᠠᠨ ᠤ᠋ ᠤᠯᠠᠮ ᠢ᠋ᠶ᠋ᠡᠷ《ᠵᠠᠩᠭᠠᠷ》ᠪᠠᠭᠠᠴᠤᠳ ᠬᠡᠦᠬᠡᠳ ᠤ᠋ᠨ ᠪᠦᠯᠬᠦᠮ ᠪᠠᠢᠭᠤᠯᠤᠭᠳᠠᠵᠠᠢ᠃ ᠲᠤᠰ ᠪᠦᠯᠬᠦᠮ ᠢ᠋《ᠴᠡᠴᠡᠨ ᠬᠡᠦᠬᠡᠳ》 ᠪᠦᠲᠦᠭᠡᠯᠴᠢ ᠦᠷᠭᠦᠭᠡᠨ ᠤ᠋ ᠡᠭᠦᠰᠭᠡᠨ ᠪᠠᠢᠭᠤᠯᠤᠭᠴᠢ ᠳ᠋᠊ • ᠤᠶᠠᠩᠭ᠎ᠠ ᠵᠢᠴᠢ ᠣᠷᠳᠤᠰ ᠬᠣᠲᠠ ᠶ᠋ᠢᠨ《ᠵᠠᠩᠭᠠᠷ》 ᠤᠷᠠᠯᠢᠭ ᠤ᠋ᠨ ᠰᠤᠷᠭᠠᠯᠲᠠ ᠶ᠋ᠢᠨ ᠲᠥᠪ ᠤ᠋ᠨ ᠵᠠᠯᠠᠭᠤ ᠬᠦᠭᠡᠮᠠᠢᠴᠢ᠂ ᠵᠠᠩᠭᠠᠷᠴᠢ᠂ ᠮᠠᠭᠢᠰᠲ᠋ᠷ ᠲᠥᠯᠦᠮᠵᠢ ᠡᠴᠡ ᠪᠠᠢᠭᠤᠯᠤᠭᠰᠠᠨ ᠶᠤᠮ᠃
ᠮᠠᠨ ᠤ᠋《 ᠵᠠᠩᠭᠠᠷ》 ᠪᠠᠭᠠᠴᠤᠳ ᠬᠡᠦᠬᠡᠳ ᠤ᠋ᠨ ᠪᠦᠯᠬᠦᠮ ᠪᠣᠯ ᠠᠷᠠᠳ ᠤ᠋ᠨ ᠬᠥᠭᠵᠢᠮ ᠲᠣᠪᠰᠢᠭᠤᠷ ᠤ᠋ᠨ ᠬᠠᠪᠰᠤᠷᠭᠠᠯ ᠲᠠᠢ ᠪᠠᠭᠠᠲᠤᠷᠯᠢᠭ ᠲᠤᠤᠯᠢ《ᠵᠠᠩᠭᠠᠷ》 ᠢ᠋ ᠥᠪᠯᠡᠨ ᠤᠯᠠᠮᠵᠢᠯᠠᠬᠤ ᠪᠡᠷ ᠭᠣᠣᠯ ᠴᠢᠭᠯᠡᠯ ᠢ᠋ᠶ᠋ᠡᠨ ᠪᠣᠯᠭᠠᠵᠤ᠂ ᠤᠯᠤᠰ ᠢ᠋ᠶ᠋ᠡᠨ ᠬᠠᠢᠷᠠᠯᠠᠬᠤ ᠦᠵᠡᠯ ᠵᠢᠴᠢ ᠬᠡᠯᠡ ᠶᠠᠷᠢᠶ᠎ᠠ᠂ ᠰᠡᠳᠭᠢᠴᠡ ᠵᠦᠢ᠂ ᠲᠠᠢᠰᠠᠨ ᠤ᠋ ᠤᠷᠠᠯᠢᠭ ᠵᠡᠷᠭᠡ ᠶ᠋ᠢ ᠠᠭᠤᠰᠭᠠᠭᠰᠠᠨ ᠪᠣᠳᠠᠰ ᠤ᠋ᠨ ᠪᠤᠰᠤ ᠰᠣᠶᠤᠯ ᠤ᠋ᠨ ᠥᠪ ᠢ᠋ ᠥᠪᠯᠡᠵᠦ ᠤᠯᠠᠮᠵᠢᠯᠠᠳᠠᠭ ᠶᠤᠮ ᠭᠡᠵᠦ ᠳ᠋᠊ • ᠤᠶᠠᠩᠭ᠎ᠠ ᠲᠠᠨᠢᠯᠴᠠᠭᠤᠯᠪᠠ᠃
ᠪᠠᠭᠠᠲᠤᠷᠯᠢᠭ ᠲᠤᠤᠯᠢ《 ᠵᠠᠩᠭᠠᠷ》 ᠪᠣᠯ ᠳᠤᠮᠳᠠᠳᠤ ᠤᠯᠤᠰ ᠤ᠋ᠨ ᠭᠤᠷᠪᠠᠨ ᠶᠡᠬᠡ ᠲᠣᠮᠤ ᠪᠠᠭᠠᠲᠤᠷᠯᠢᠭ ᠲᠤᠤᠯᠢ ᠶ᠋ᠢᠨ ᠨᠢᠭᠡ᠂ ᠮᠣᠩᠭᠤᠯ ᠦᠨᠳᠦᠰᠦᠲᠡᠨ ᠦ᠌ ᠡᠷᠲᠡᠨ ᠦ᠌ ᠤᠷᠠᠨ ᠵᠣᠬᠢᠶᠠᠯ ᠤ᠋ᠨ ᠨᠣᠶᠠᠨ ᠣᠷᠭᠢᠯ ᠤ᠋ᠨ ᠨᠢᠭᠡ ᠪᠣᠯᠤᠨ᠎ᠠ᠃《ᠵᠠᠩᠭᠠᠷ》ᠲᠤᠤᠯᠢ 2006 ᠣᠨ ᠳ᠋ᠤ᠌ ᠳᠤᠮᠳᠠᠳᠤ ᠤᠯᠤᠰ ᠤ᠋ᠨ ᠪᠣᠳᠠᠰ ᠤ᠋ᠨ ᠪᠤᠰᠤ ᠰᠣᠶᠤᠯ ᠤ᠋ᠨ ᠥᠪ ᠢ᠋ᠶ᠋ᠡᠷ ᠪᠦᠷᠢᠳᠭᠡᠭᠳᠡᠵᠡᠢ᠃《ᠵᠠᠩᠭᠠᠷ》 ᠲᠤᠤᠯᠢ ᠳ᠋ᠤ᠌ ᠠᠯᠳᠠᠷ ᠨᠣᠶᠠᠨ ᠵᠠᠩᠭᠠᠷ ᠠᠷᠪᠠᠨ ᠬᠣᠶᠠᠷ ᠪᠠᠭᠠᠲᠤᠷ ᠲᠠᠢ ᠪᠠᠨ ᠦᠵᠡᠮᠵᠢ ᠲᠡᠭᠦᠰ ᠥᠨᠢᠷ ᠪᠠᠶᠠᠨ ᠪᠤᠮᠪᠠ ᠶ᠋ᠢᠨ ᠣᠷᠤᠨ ᠢ᠋ᠶ᠋ᠡᠨ ᠬᠠᠮᠠᠭᠠᠯᠠᠬᠤ ᠶ᠋ᠢᠨ ᠲᠥᠯᠦᠭᠡ ᠲᠦᠷᠢᠮᠡᠭᠡᠢᠯᠡᠬᠦ ᠪᠡᠷ ᠢᠷᠡᠭᠰᠡᠨ ᠮᠠᠩᠭᠤᠰ ᠪᠦᠬᠦᠨ ᠲᠠᠢ ᠪᠠᠢᠯᠳᠦᠨ ᠲᠡᠮᠡᠴᠡᠭᠰᠡᠨ ᠪᠠᠭᠠᠲᠤᠷᠯᠢᠭ ᠵᠣᠷᠢᠭ ᠰᠠᠨᠠᠭ᠎ᠠ ᠶ᠋ᠢ ᠡᠯᠪᠡᠭ ᠦᠭᠡᠰ ᠤ᠋ᠨ ᠰᠠᠩ᠂ ᠪᠠᠶᠠᠯᠢᠭ ᠰᠠᠢᠬᠠᠨ ᠪᠡᠯᠭᠡᠳᠡᠯ ᠲᠦᠷᠰᠦᠯᠡᠯ ᠢ᠋ᠶ᠋ᠡᠷ ᠮᠠᠭᠲᠠᠨ ᠳᠠᠭᠤᠯᠠᠵᠤ᠂ ᠪᠠᠢᠭᠠᠯᠢ ᠳᠡᠯᠡᠬᠡᠢ ᠲᠠᠩᠰᠤᠭ ᠰᠠᠢᠬᠠᠨ᠂ ᠤᠯᠤᠰ ᠣᠷᠤᠨ ᠡᠩᠬᠡ ᠲᠠᠢᠪᠦᠩ ᠡᠪ ᠨᠠᠢᠷᠠᠮᠳᠠᠯ ᠲᠠᠢ᠂ ᠠᠷᠠᠳ ᠲᠦᠮᠡᠨ ᠠᠮᠤᠷ ᠵᠢᠷᠭᠠᠯᠠᠩ ᠪᠠᠢᠬᠤ ᠳᠤᠮᠳᠠᠳᠤ ᠶ᠋ᠢᠨ ᠦᠨᠳᠦᠰᠦᠲᠡᠨ ᠤ᠋ ᠣᠶᠤᠨ ᠰᠠᠨᠠᠭᠠᠨ ᠤ᠋ ᠰᠦᠭ ᠰᠦᠨᠡᠰᠦ ᠶ᠋ᠢ ᠪᠦᠷᠢᠨ ᠰᠠᠢᠬᠠᠨ ᠢᠯᠡᠷᠬᠡᠢᠯᠡᠭᠰᠡᠨ ᠪᠠᠢᠳᠠᠭ᠃
《ᠵᠠᠩᠭᠠᠷ》 ᠪᠣᠯ ᠮᠠᠨ ᠤ᠋ ᠤᠯᠤᠰ ᠤ᠋ᠨ ᠭᠤᠷᠪᠠᠨ ᠲᠣᠮᠤ ᠪᠠᠭᠠᠲᠤᠷᠯᠢᠭ ᠲᠤᠤᠯᠢ ᠶ᠋ᠢᠨ ᠨᠢᠭᠡ ᠪᠣᠯᠤᠨ᠎ᠠ᠃ ᠪᠢ《 ᠵᠠᠩᠭᠠᠷ ᠤ᠋ᠨ ᠠᠷᠪᠠᠨ ᠬᠣᠶᠠᠷ ᠪᠠᠭᠠᠲᠤᠷ ᠤ᠋ᠨ ᠮᠠᠭᠲᠠᠭᠠᠯ》 ᠢ᠋ ᠰᠤᠷᠤᠭᠠᠳ ᠥᠪᠡᠷ ᠤ᠋ᠨ ᠪᠡᠶ᠎ᠡ ᠳ᠋ᠤ᠌ ᠪᠠᠨ ᠢᠲᠡᠭᠡᠯ ᠲᠠᠢ ᠪᠠᠢᠬᠤ ᠬᠡᠷᠡᠭᠲᠡᠢ ᠭᠡᠳᠡᠭ ᠶᠣᠰᠤ ᠶ᠋ᠢ ᠮᠡᠳᠡᠭᠰᠡᠨ᠂ ᠪᠠᠰᠠ ᠳᠤᠮᠳᠠᠳᠤ ᠶ᠋ᠢᠨ ᠰᠢᠯᠢᠳᠡᠭ ᠤᠯᠠᠮᠵᠢᠯᠠᠯᠲᠦ ᠰᠣᠶᠤᠯ ᠢ᠋ ᠤᠯᠠᠮᠵᠢᠯᠠᠨ ᠰᠤᠷᠬᠤ ᠤᠷᠮ᠎ᠠ ᠵᠣᠷᠢᠭ ᠮᠢᠨᠢ ᠨᠡᠮᠡᠭᠳᠡᠭᠰᠡᠨ ᠭᠡᠵᠦ ᠪᠢᠴᠢᠬᠠᠨ ᠵᠠᠩᠭᠠᠷᠴᠢ ᠢᠯᠴᠢ ᠶᠠᠷᠢᠪᠠ᠃
ᠪᠢ《 ᠵᠠᠩᠭᠠᠷ ᠤ᠋ᠨ ᠠᠷᠪᠠᠨ ᠬᠣᠶᠠᠷ ᠮᠠᠭᠲᠠᠭᠠᠯ》 ᠢ᠋ ᠰᠤᠷᠤᠭᠠᠳ ᠡᠷᠳᠡᠮ ᠨᠣᠮ ᠢ᠋ᠶ᠋ᠡᠨ ᠰᠢᠮᠳᠠᠨ ᠰᠤᠷᠴᠤ᠂ ᠡᠬᠡ ᠤᠯᠤᠰ ᠲᠤ᠌ ᠪᠠᠨ ᠲᠤᠰᠠ ᠲᠠᠢ ᠬᠥᠮᠦᠨ ᠪᠣᠯᠬᠤ ᠬᠡᠷᠡᠭᠲᠡᠢ ᠭᠡᠳᠡᠭ ᠢ᠋ ᠮᠡᠳᠡᠭᠰᠡᠨ ᠭᠡᠵᠦ ᠪᠢᠴᠢᠬᠠᠨ ᠵᠠᠩᠭᠠᠷᠴᠢ ᠮᠠᠨᠳᠤᠬᠠᠢ ᠶᠠᠷᠢᠪᠠ᠃
《ᠵᠠᠩᠭᠠᠷ》 ᠪᠠᠭᠠᠴᠤᠳ ᠬᠡᠦᠬᠡᠳ ᠤ᠋ᠨ ᠪᠦᠯᠬᠦᠮ ᠨᠢ2022 ᠣᠨ ᠤ᠋ 5 ᠰᠠᠷ᠎ᠠ ᠳ᠋ᠤ᠌᠂ ᠣᠷᠳᠤᠰ ᠬᠣᠲᠠ ᠶ᠋ᠢᠨ ᠪᠢᠴᠢᠬᠠᠨ ᠬᠥᠲᠦᠯᠦᠭᠴᠢ ᠨᠡᠪᠲᠡᠷᠡᠭᠦᠯᠦᠭᠴᠢ ᠶ᠋ᠢᠨ ᠱᠠᠩᠨᠠᠯᠲᠦ ᠤᠷᠤᠯᠳᠤᠭᠠᠨ ᠤ᠋ ᠱᠠᠩᠨᠠᠯ ᠣᠯᠭᠤᠬᠤ ᠦᠳᠡᠰᠢᠯᠡᠭᠡ ᠳ᠋ᠤ᠌ ᠲᠣᠭᠯᠠᠯᠲᠠ ᠭᠠᠷᠭᠠᠵᠤ᠂ 8 ᠰᠠᠷ᠎ᠠ ᠳ᠋ᠤ᠌᠂ ᠪᠦᠬᠦ ᠤᠯᠤᠰ ᠤ᠋ᠨ《 ᠵᠠᠩᠭᠠᠷ》 ᠤ᠋ᠨ ᠰᠤᠳᠤᠯᠭᠠᠨ ᠤ᠋ ᠬᠤᠷᠠᠯ ᠪᠣᠯᠤᠨ ᠥᠪᠦᠷ ᠮᠣᠩᠭᠤᠯ ᠣᠷᠤᠨ ᠢ᠋ᠶ᠋ᠡᠨ ᠲᠥᠯᠦᠭᠡᠯᠡᠨ ᠠᠷᠪᠠᠳᠤᠭᠠᠷ ᠬᠤᠭᠤᠴᠠᠭᠠᠨ ᠤ᠋ ᠪᠦᠬᠦ ᠤᠯᠤᠰ ᠤ᠋ᠨ ᠪᠠᠭᠠᠴᠤᠳ ᠬᠡᠦᠬᠡᠳ ᠤ᠋ᠨ ᠳᠠᠭᠤᠷᠢᠯᠢᠭ ᠤ᠋ᠨ ᠦᠵᠡᠭᠦᠯᠭᠡ ᠶ᠋ᠢᠨ ᠲᠣᠭᠯᠠᠯᠲᠠ ᠳ᠋ᠤ᠌ ᠣᠷᠤᠯᠴᠠᠵᠤ᠂ 9 ᠰᠠᠷ᠎ᠠ ᠳ᠋ᠤ᠌ ᠨᠠᠢ᠍ᠮᠠᠳᠤᠭᠠᠷ ᠬᠤᠭᠤᠴᠠᠭᠠᠨ ᠤ᠋ ᠪᠦᠬᠦ ᠤᠯᠤᠰ ᠤ᠋ᠨ ᠴᠦ᠋ᠬᠡᠨ ᠲᠣᠭᠠᠲᠦ ᠦᠨᠳᠦᠰᠦᠲᠡᠨ ᠦ᠌ ᠳᠠᠭᠤᠷᠢᠯᠢᠭ ᠤ᠋ᠨ ᠦᠵᠡᠭᠦᠯᠭᠡ ᠶ᠋ᠢᠨ ᠲᠣᠭᠯᠠᠯᠲᠠ ᠳ᠋ᠤ᠌ ᠣᠷᠤᠯᠴᠠᠪᠠ᠃
ᠪᠢ ᠡᠪᠦᠯ ᠤ᠋ᠨ ᠠᠮᠠᠷᠠᠯᠲᠠ ᠳ᠋ᠤ᠌ ᠪᠠᠨ ᠵᠠᠩᠭᠠᠷ ᠬᠠᠢᠯᠠᠵᠤ ᠲᠣᠪᠰᠢᠭᠤᠷ ᠰᠤᠷᠤᠶ᠎ᠠ ᠭᠡᠰᠡᠨ ᠪᠣᠯᠪᠠᠴᠤ ᠴᠠᠭ ᠠᠮᠵᠢᠯᠲᠠ ᠦᠭᠡᠢ᠂ ᠬᠠᠷᠢᠨ6 ᠰᠠᠷ᠎ᠠ ᠡᠴᠡ ᠡᠬᠢᠯᠡᠨ ᠰᠤᠷᠤᠭᠰᠠᠨ ᠶᠤᠮ᠃ ᠪᠢ ᠪᠠᠢᠷᠢ ᠳ᠋ᠤ᠌ ᠰᠠᠭᠤᠵᠤ ᠪᠠᠢᠭ᠎ᠠ ᠪᠣᠯᠬᠣᠷ ᠲᠣᠪᠰᠢᠭᠤᠷ ᠢ᠋ᠶ᠋ᠡᠨ ᠪᠣᠯᠪᠠᠰᠤᠷᠠᠵᠤ ᠴᠢᠳᠠᠬᠤ ᠦᠭᠡᠢ᠂ ᠲᠡᠭᠡᠭᠡᠳ ᠵᠢᠷᠤᠭ ᠤ᠋ᠨ ᠴᠠᠭᠠᠰᠤ ᠶ᠋ᠢ ᠪᠥᠭᠡᠷᠡᠩᠬᠡᠢ ᠪᠣᠯᠭᠠᠭᠠᠳ ᠤᠳᠠᠰᠤ ᠶ᠋ᠢ ᠨᠢ ᠵᠢᠷᠤᠭᠠᠳ ᠪᠠᠢᠷᠢ ᠳ᠋ᠤ᠌ ᠪᠠᠨ ᠪᠣᠯᠪᠠᠰᠤᠷᠠᠭᠰᠠᠨ᠃ ᠢᠩᠭᠢᠵᠦ ᠴᠥᠬᠦᠷᠡᠯ ᠦᠭᠡᠢ ᠪᠣᠯᠪᠠᠰᠤᠷᠠᠭᠠᠳ《 ᠵᠠᠩᠭᠠᠷ》 ᠪᠠᠭᠠᠴᠤᠳ ᠬᠡᠦᠬᠡᠳ ᠦ᠋ᠨ ᠪᠦᠯᠬᠦᠮ ᠳ᠋ᠤ᠌ ᠣᠷᠤᠭᠠᠳ ᠪᠦᠬᠦ ᠤᠯᠤᠰ ᠤ᠋ᠨ ᠬᠡᠪᠴᠢᠶᠡᠨ ᠦ᠌ ᠲᠣᠭᠯᠠᠯᠲᠠ ᠳ᠋ᠤ᠌ ᠣᠷᠤᠯᠴᠠᠭᠰᠠᠨ ᠳ᠋ᠤ᠌ ᠪᠠᠨ ᠪᠠᠶᠠᠷ ᠲᠠᠢ ᠪᠠᠢᠨ᠎ᠠ᠃ ᠪᠢ ᠵᠠᠩᠭᠠᠷ ᠢ᠋ ᠰᠤᠷᠤᠭᠠᠳ ᠴᠢᠷᠮᠠᠢᠯᠭ᠎ᠠ ᠬᠥᠮᠦᠨ ᠢ᠋ ᠭᠣᠮᠤᠳᠠᠭᠠᠳᠠᠭ ᠦᠭᠡᠢ᠂ ᠴᠢᠷᠮᠠᠢᠯᠭ᠎ᠠ ᠠᠮᠵᠢᠯᠲᠠ ᠶ᠋ᠢ ᠪᠦᠲᠦᠭᠡᠳᠡᠭ ᠶᠣᠰᠤᠨ ᠢ᠋ ᠤᠬᠠᠭᠠᠷᠠᠨ ᠮᠡᠳᠡᠭᠰᠡᠨ ᠭᠡᠵᠦ ᠪᠢᠴᠢᠬᠠᠨ ᠵᠠᠩᠭᠠᠷᠴᠢ ᠬᠠᠷᠭᠠᠢ ᠶᠠᠷᠢᠯ᠎ᠠ᠃
ᠢᠷᠡᠯᠲᠡ᠄ ᠥᠪᠦᠷ ᠮᠣᠩᠭᠤᠯ ᠤ᠋ᠨ ᠡᠳᠦᠷ ᠤ᠋ᠨ ᠰᠣᠨᠢᠨ
ᠦᠨᠡᠯᠡᠬᠦ 0ᠦᠨᠡᠯᠡᠯᠲᠡ ᠲᠠᠢ