ᠮᠠᠨ ᠤ᠋ ᠣᠷᠤᠨ ᠤ᠋ ᠴᠦ᠋ᠬᠡᠨ ᠲᠣᠭᠠᠲᠦ ᠦᠨᠳᠦᠰᠦᠲᠡᠨ ᠤ᠋ 79 ᠵᠦᠢᠯ ᠤ᠋ᠨ ᠰᠤᠳᠤᠷ ᠪᠢᠴᠢᠭ《 ᠤᠯᠤᠰ ᠤ᠋ᠨ ᠬᠣᠪᠤᠷ ᠨᠠᠨᠳᠢᠨ ᠰᠤᠳᠤᠷ ᠪᠢᠴᠢᠭ ᠤ᠋ᠨ ᠨᠡᠷᠡᠰ ᠤ᠋ᠨ ᠵᠢᠭᠰᠠᠭᠠᠯᠲᠠ》 ᠳ᠋ᠤ᠌ ᠰᠣᠩᠭᠤᠭᠳᠠᠨ ᠣᠷᠤᠪᠠ
2023.06.27 ᠲᠣᠰ ᠥᠷᠲᠡᠭᠡᠨ ᠦ ᠨᠠᠢᠷᠠᠭᠤᠯᠤᠭᠴᠢ

       

     《ᠤᠯᠤᠰ ᠤ᠋ᠨ ᠬᠣᠪᠤᠷ ᠨᠠᠨᠳᠢᠨ ᠰᠤᠳᠤᠷ ᠪᠢᠴᠢᠭ ᠤ᠋ᠨ ᠨᠡᠷᠡᠰ ᠤ᠋ᠨ ᠵᠢᠭᠰᠠᠭᠠᠯᠲᠠ》 ᠪᠣᠯ ᠰᠣᠶᠤᠯ ᠤ᠋ᠨ ᠶᠠᠮᠤᠨ ᠡᠴᠡ ᠲᠤᠭᠤᠷᠪᠢᠨ ᠲᠣᠭᠲᠠᠭᠠᠵᠤ᠂ ᠲᠥᠷᠦ ᠶ᠋ᠢᠨ ᠶᠠᠪᠤᠳᠠᠯ ᠤ᠋ᠨ ᠬᠣᠷᠢᠶᠠᠨ ᠳ᠋ᠤ᠌ ᠮᠡᠳᠡᠭᠦᠯᠦᠨ ᠵᠥᠪᠰᠢᠶᠡᠷᠡᠭᠦᠯᠦᠭᠰᠡᠨ ᠦ᠌ ᠳᠠᠷᠠᠭ᠎ᠠ ᠨᠡᠢᠲᠡᠯᠡᠭᠰᠡᠨ ᠨᠡᠷᠡᠰ ᠤ᠋ᠨ ᠵᠢᠭᠰᠠᠭᠠᠯᠲᠠ ᠪᠣᠯᠤᠨ᠎ᠠ᠃ ᠭᠣᠣᠯᠳᠠᠭᠤ 1912 ᠣᠨ ᠡᠴᠡ ᠡᠮᠦᠨ᠎ᠡ ᠪᠢᠴᠢᠭᠳᠡᠭᠰᠡᠨ ᠪᠣᠶᠦ ᠬᠡᠪᠯᠡᠭᠳᠡᠭᠰᠡᠨ᠂ ᠳᠤᠮᠳᠠᠳᠤ ᠤᠯᠤᠰ ᠤ᠋ᠨ ᠡᠷᠲᠡᠨ ᠦ᠌ ᠬᠠᠪᠢᠰᠦᠨ ᠤ᠋ ᠴᠢᠮᠡᠭᠯᠡᠯ ᠤ᠋ᠨ ᠬᠡᠯᠪᠡᠷᠢ ᠪᠡᠷ ᠣᠷᠤᠰᠢᠵᠤ ᠪᠠᠢᠭ᠎ᠠ᠂ ᠲᠡᠦᠬᠡ᠂ ᠦᠵᠡᠯ ᠰᠠᠨᠠᠭ᠎ᠠ ᠪᠠ ᠰᠣᠶᠤᠯ ᠤ᠋ᠨ ᠴᠢᠬᠤᠯᠠ ᠦᠨ᠎ᠡ ᠥᠷᠲᠡᠭ ᠲᠠᠢ ᠬᠣᠪᠤᠷ ᠨᠠᠨᠳᠢᠨ ᠬᠢᠲᠠᠳ ᠬᠡᠯᠡᠨ ᠦ᠌ ᠰᠤᠳᠤᠷ ᠪᠢᠴᠢᠭ ᠵᠢᠴᠢ ᠴᠦ᠋ᠬᠡᠨ ᠲᠣᠭᠠᠲᠦ ᠦᠨᠳᠦᠰᠦᠲᠡᠨ ᠦ᠌ ᠦᠰᠦᠭ ᠪᠢᠴᠢᠭ ᠤ᠋ᠨ ᠰᠤᠳᠤᠷ ᠪᠢᠴᠢᠭ ᠢ᠋ ᠵᠢᠭᠰᠠᠭᠠᠨ ᠣᠷᠤᠭᠤᠯᠵᠠᠢ᠃

     ᠣᠳᠣ ᠪᠣᠯᠲᠠᠯ᠎ᠠ᠂ ᠨᠡᠢᠲᠡ ᠵᠢᠷᠭᠤᠭᠠᠨ ᠪᠦᠯᠦᠭ 《 ᠤᠯᠤᠰ ᠤ᠋ᠨ ᠬᠣᠪᠤᠷ ᠨᠠᠨᠳᠢᠨ ᠰᠤᠳᠤᠷ ᠪᠢᠴᠢᠭ ᠤ᠋ᠨ ᠨᠡᠷᠡᠰ ᠤ᠋ᠨ ᠵᠢᠭᠰᠠᠭᠠᠯᠲᠠ》 ᠶ᠋ᠢ ᠨᠡᠢᠲᠡᠯᠡᠵᠦ᠂ ᠨᠡᠢᠲᠡ 13026 ᠪᠣᠳᠢ ᠤᠯᠤᠰ ᠤ᠋ᠨ ᠬᠣᠪᠤᠷ ᠨᠠᠨᠳᠢᠨ ᠰᠤᠳᠤᠷ ᠪᠢᠴᠢᠭ ᠢ᠋ ᠣᠷᠤᠭᠤᠯᠵᠠᠢ᠂ ᠡᠭᠦᠨ ᠳ᠋ᠤ᠌ ᠬᠢᠲᠠᠳ ᠬᠡᠯᠡᠨ ᠦ᠌ ᠰᠤᠷᠪᠤᠯᠵᠢ ᠪᠢᠴᠢᠭ 11855 ᠪᠣᠳᠢ᠂ ᠴᠦ᠋ᠬᠡᠨ ᠲᠣᠭᠠᠲᠦ ᠦᠨᠳᠦᠰᠦᠲᠡᠨ ᠦ᠌ ᠦᠰᠦᠭ ᠪᠢᠴᠢᠭ ᠤ᠋ᠨ ᠰᠤᠳᠤᠷ ᠪᠢᠴᠢᠭ 1133 ᠪᠣᠳᠢ᠂ ᠪᠤᠰᠤᠳ ᠦᠰᠦᠭ ᠪᠢᠴᠢᠭ ᠤ᠋ᠨ ᠰᠤᠳᠤᠷ ᠪᠢᠴᠢᠭ 38  ᠪᠣᠳᠢ ᠪᠣᠢ᠃

    2007 ᠣᠨ ᠳ᠋ᠤ᠌ 《ᠳᠤᠮᠳᠠᠳᠤ ᠶ᠋ᠢᠨ ᠰᠤᠳᠤᠷ ᠪᠢᠴᠢᠭ ᠤ᠋ᠨ ᠬᠠᠮᠠᠭᠠᠯᠠᠯᠲᠠ ᠶ᠋ᠢᠨ ᠲᠥᠯᠦᠪᠯᠡᠭᠡ》 ᠵᠢᠩᠬᠢᠨᠢ ᠪᠡᠷ ᠬᠡᠷᠡᠭᠵᠢᠭᠦᠯᠦᠭᠰᠡᠨ ᠡᠴᠡ ᠨᠠᠭᠠᠰᠢ᠂ ᠤᠯᠤᠰ ᠤ᠋ᠨ ᠰᠤᠳᠤᠷ ᠪᠢᠴᠢᠭ ᠤ᠋ᠨ ᠬᠠᠮᠠᠭᠠᠯᠠᠯᠲᠠ ᠶ᠋ᠢᠨ ᠲᠥᠪ ᠤ᠋ᠨ ᠱᠠᠭᠠᠷᠳᠠᠯᠭ᠎ᠠ ᠶᠣᠰᠤᠭᠠᠷ᠂ ᠮᠠᠨ ᠤ᠋ ᠣᠷᠤᠨ ᠤ᠋ ᠰᠤᠳᠤᠷ ᠪᠢᠴᠢᠭ ᠬᠣᠷᠢᠶᠠᠨ ᠬᠠᠳᠠᠭᠠᠯᠠᠵᠤ ᠪᠠᠢᠭ᠎ᠠ ᠡᠯ᠎ᠡ  ᠪᠠᠢᠭᠤᠯᠭ᠎ᠠ ᠨᠢᠭᠡᠴᠢ《 ᠤᠯᠤᠰ ᠤ᠋ᠨ ᠬᠣᠪᠤᠷ ᠨᠠᠨᠳᠢᠨ ᠰᠤᠳᠤᠷ ᠪᠢᠴᠢᠭ ᠤ᠋ᠨ ᠨᠡᠷᠡᠰ ᠤ᠋ᠨ ᠵᠢᠭᠰᠠᠭᠠᠯᠲᠠ 》 ᠶ᠋ᠢ ᠡᠷᠡᠮᠡᠯᠵᠠᠯᠡᠨ ᠮᠡᠳᠡᠭᠦᠯᠬᠦ ᠠᠵᠢᠯ ᠳ᠋ᠤ᠌ ᠢᠳᠡᠪᠬᠢᠲᠡᠢ ᠣᠷᠤᠯᠴᠠᠵᠤ᠂ ᠴᠦ᠋ᠬᠡᠨ ᠲᠣᠭᠠᠲᠦ ᠦᠨᠳᠦᠰᠦᠲᠡᠨ ᠦ᠌ ᠰᠤᠳᠤᠷ ᠪᠢᠴᠢᠭ ᠨᠡᠢᠲᠡ 79 ᠵᠦᠢᠯ 《 ᠤᠯᠤᠰ ᠤ᠋ᠨ ᠬᠣᠪᠤᠷ ᠨᠠᠨᠳᠢᠨ ᠰᠤᠳᠤᠷ ᠪᠢᠴᠢᠭ ᠤ᠋ᠨ ᠨᠡᠷᠡᠰ ᠤ᠋ᠨ ᠵᠢᠭᠰᠠᠭᠠᠯᠲᠠ》 ᠳ᠋ᠤ᠌ ᠰᠣᠩᠭᠤᠭᠳᠠᠨ ᠣᠷᠤᠵᠤ᠂ ᠨᠢᠭᠡᠳᠦᠭᠡᠷ ᠪᠦᠯᠦᠭ ᠲᠤ᠌ 12 ᠵᠦᠢᠯ᠂ ᠬᠣᠶᠠᠳᠤᠭᠠᠷ ᠪᠦᠯᠦᠭ ᠲᠤ᠌ 41 ᠵᠦᠢᠯ᠂ ᠲᠠᠪᠤᠳᠤᠭᠠᠷ ᠪᠦᠯᠦᠭ ᠲᠦ᠍ 4 ᠵᠦᠢᠯ᠂ ᠵᠢᠷᠭᠤᠳᠤᠭᠠᠷ ᠪᠦᠯᠦᠭ ᠲᠤ᠌ 22 ᠵᠦᠢᠯ ᠪᠣᠢ᠃

 

蒙ICP备17000293号-1 蒙公网安备 15010202150932号