ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠤᠨ ᠤ ᠴᠥᠬᠡᠨ ᠲᠣᠭᠠᠲᠤ ᠦᠨᠳᠦᠰᠦᠲᠡᠨ ᠦ ᠰᠤᠳᠤᠷ ᠪᠢᠴᠢᠭ ᠪᠣᠯᠤᠨ 《 ᠭᠡᠰᠡᠷ 》 ᠢ ᠴᠤᠭᠯᠠᠭᠤᠯᠤᠨ ᠡᠮᠬᠢᠳᠭᠡᠵᠦ ᠰᠤᠳᠤᠯᠬᠤ ᠭᠠᠵᠠᠷ ᠤᠨ ᠵᠣᠬᠢᠶᠠᠨ ᠪᠠᠢᠭᠤᠯᠵᠤ ᠨᠠᠢᠷᠠᠭᠤᠯᠤᠭᠰᠠᠨ 《 ᠳᠤᠮᠳᠠᠳᠤ ᠤᠯᠤᠰ ᠤᠨ ᠴᠥᠬᠡᠨ ᠲᠣᠭᠠᠲᠤ ᠦᠨᠳᠦᠰᠦᠲᠡᠨ ᠦ ᠰᠤᠳᠤᠷ ᠪᠢᠴᠢᠭ ᠦᠨ ᠲᠣᠪᠴᠢ ᠠᠭᠤᠯᠠᠭᠠᠲᠤ ᠶᠡᠷᠦᠩᠬᠡᠢ ᠭᠠᠷᠴᠠᠭ · ᠲᠠᠭᠤᠷ ᠦᠨᠳᠦᠰᠦᠲᠡᠨ ᠦ ᠪᠣᠳᠢ 》 ᠪᠣᠯ ᠤᠯᠤᠰ ᠤᠨ ᠦᠨᠳᠦᠰᠦᠲᠡᠨ ᠦ ᠬᠡᠷᠡᠭ ᠡᠷᠬᠢᠯᠡᠬᠦ ᠵᠥᠪᠯᠡᠯ ᠦᠨ 《 ᠠᠷᠪᠠᠨ ᠨᠢᠭᠡᠳᠦᠭᠡᠷ ᠲᠠᠪᠤᠨ ᠵᠢᠯ ᠦᠨ ᠲᠥᠯᠥᠪᠯᠡᠭᠡ 》 ᠶᠢᠨ ᠬᠤᠭᠤᠴᠠᠭᠠᠨ ᠳᠠᠬᠢ ᠭᠣᠣᠯᠳᠠᠯᠭᠠᠲᠤ ᠰᠣᠶᠤᠯ ᠤᠨ ᠲᠥᠷᠦᠯ ᠵᠦᠢᠯ ᠪᠣᠯᠣᠨ᠎ᠠ᠃ 2009 ᠣᠨ ᠤ 10 ᠰᠠᠷ᠎ᠠ ᠳᠤ ᠳᠤᠮᠳᠠᠳᠤ ᠤᠯᠤᠰ ᠤᠨ ᠶᠡᠬᠡ ᠨᠡᠪᠲᠡᠷᠬᠡᠢ ᠲᠣᠯᠢ ᠶᠢᠨ ᠬᠡᠪᠯᠡᠯ ᠦᠨ ᠬᠣᠷᠢᠶᠠᠨ ᠳᠤ ᠬᠡᠪᠯᠡᠭᠳᠡᠪᠡ᠃
《ᠳᠣᠮᠳᠠᠳᠤ ᠤᠯᠤᠰ ᠤᠨ ᠴᠥᠬᠡᠨ ᠲᠣᠭᠠᠲᠤ ᠦᠨᠳᠦᠰᠦᠲᠡᠨ ᠦ ᠰᠤᠳᠤᠷ ᠪᠢᠴᠢᠭ ᠦᠨ ᠲᠣᠪᠴᠢ ᠠᠭᠤᠯᠭᠠᠲᠤ ᠶᠡᠷᠦᠩᠬᠡᠢ ᠭᠠᠷᠴᠠᠭ · ᠲᠠᠭᠤᠷ ᠦᠨᠳᠦᠰᠦᠲᠡᠨ ᠦ ᠪᠣᠳᠢ》 ᠨᠢ ᠲᠠᠭᠤᠷ ᠦᠨᠳᠦᠰᠦᠲᠡᠨ ᠦ ᠰᠤᠳᠤᠷ ᠪᠢᠴᠢᠭ ᠢ 1575 ᠵᠣᠷᠪᠤᠰ ᠰᠢᠩᠭᠡᠭᠡᠨ ᠣᠷᠤᠭᠤᠯᠵᠤ᠂ ᠵᠣᠷᠪᠤᠰ ᠪᠦᠷᠢ ᠶᠢᠨ ᠠᠭᠤᠯᠭ᠎ᠠ ᠶᠢᠨ ᠲᠣᠪᠴᠢ ᠶᠢᠨ ᠬᠡᠰᠡᠭ ᠲᠦ ᠲᠤᠰ ᠰᠤᠳᠤᠷ ᠪᠢᠴᠢᠭ ᠦᠨ ᠭᠣᠣᠯ ᠠᠭᠤᠯᠭ᠎ᠠ ᠪᠣᠯᠤᠨ ᠬᠣᠯᠪᠤᠭᠳᠠᠯ ᠪᠦᠬᠦᠢ ᠰᠢᠨᠵᠢᠯᠡᠭᠡᠨ ᠦ ᠬᠠᠷᠢᠴᠠᠭ᠎ᠠ ᠶᠢ ᠲᠣᠪᠴᠢ ᠲᠠᠨᠢᠯᠴᠠᠭᠤᠯᠵᠤ᠂ ᠭᠣᠣᠯ ᠬᠡᠰᠡᠭ ᠲᠦ ᠰᠤᠳᠤᠷ ᠪᠢᠴᠢᠭ ᠦᠨ ᠴᠢᠬᠤᠯᠠ ᠴᠢᠨᠠᠷ ᠢᠶᠠᠷ ᠨᠢ ᠲᠡᠰ ᠢᠯᠭᠠᠵᠠᠢ᠃ ᠡᠭᠦᠨ ᠳᠦ᠂ ᠬᠥᠬᠡ ᠪᠦᠯᠦᠭ ᠨᠣᠮ ᠪᠢᠴᠢᠭ ᠦᠨ ᠲᠥᠷᠦᠯ ᠨᠢ ᠨᠣᠮ ᠪᠢᠴᠢᠭ ᠪᠣᠯᠤᠨ ᠲᠥᠷᠦᠯ ᠦᠨ ᠴᠠᠳᠢᠭ ᠭᠡᠬᠦ ᠬᠣᠶᠠᠷ ᠬᠡᠰᠡᠭ ᠢᠶᠠᠷ ᠪᠦᠷᠢᠯᠳᠦᠵᠦ᠂ ᠨᠡᠢᠲᠡ 17 ᠵᠣᠷᠪᠤᠰ ᠰᠢᠩᠭᠡᠭᠡᠨ ᠣᠷᠤᠭᠤᠯᠵᠠᠢ᠃ ᠬᠥᠬᠡᠭᠴᠢᠨ ᠪᠦᠯᠦᠭ ᠬᠥᠰᠢᠶ᠎ᠡ ᠰᠡᠢᠯᠦᠮᠡᠯ ᠦᠨ ᠲᠥᠷᠦᠯ ᠲᠤ 7 ᠵᠣᠷᠪᠤᠰ ᠰᠢᠩᠭᠡᠭᠡᠨ ᠣᠷᠤᠭᠤᠯᠵᠤ᠂ ᠤᠯᠠᠭᠠᠨ ᠪᠦᠯᠦᠭ ᠲᠦ ᠲᠠᠩᠰᠠ ᠡᠪᠬᠡᠮᠡᠯ ᠦᠨ ᠰᠤᠳᠤᠷ ᠪᠢᠴᠢᠭ ᠢ ᠴᠠᠭ ᠤᠨ ᠲᠡᠰ ᠲᠠᠷᠠᠭᠠᠯᠠᠯ ᠢᠶᠠᠷ ᠵᠢᠭᠰᠠᠭᠠᠵᠤ᠂ ᠠᠭᠤᠯᠭ᠎ᠠ ᠪᠠᠷ ᠨᠢ ᠵᠠᠰᠠᠭ ᠤᠨ ᠶᠠᠪᠤᠳᠠᠯ᠂ ᠲᠤᠰᠢᠶᠠᠯᠲᠠᠨ᠂ ᠴᠡᠷᠢᠭ ᠦᠨ ᠶᠠᠪᠤᠳᠠᠯ᠂ ᠬᠠᠤᠯᠢ ᠴᠠᠭᠠᠵᠠ᠂ ᠠᠵᠤ ᠠᠬᠤᠢ᠂ ᠰᠤᠶᠤᠯ ᠰᠤᠷᠭᠠᠨ ᠬᠦᠮᠦᠵᠢᠯ᠂ ᠡᠮ ᠡᠮᠨᠡᠯᠭᠡ᠂ ᠱᠠᠰᠢᠨ ᠰᠤᠷᠲᠠᠬᠤᠨ ᠵᠠᠩ ᠲᠠᠳᠬᠠᠯ ᠵᠡᠷᠭᠡ 8 ᠬᠡᠰᠡᠭ ᠬᠣᠪᠢᠶᠠᠵᠤ᠂ ᠨᠡᠢᠲᠡ 565 ᠵᠣᠷᠪᠤᠰ ᠰᠢᠩᠭᠡᠭᠡᠨ ᠣᠷᠤᠭᠤᠯᠵᠤ᠂ ᠤᠯᠠᠭᠠᠭᠴᠢᠨ ᠪᠦᠯᠦᠭ ᠲᠦ ᠠᠮᠠᠨ ᠤᠯᠠᠮᠵᠢᠯᠠᠯ ᠤᠨ ᠰᠤᠳᠤᠷ ᠪᠢᠴᠢᠭ ᠢ 986 ᠵᠣᠷᠪᠤᠰ ᠰᠢᠩᠭᠡᠭᠡᠨ ᠣᠷᠤᠭᠤᠯᠵᠤ᠂ ᠠᠮᠠᠨ ᠤᠯᠠᠮᠵᠢᠯᠠᠯ ᠤᠨ ᠡᠮᠬᠢᠳᠭᠡᠨ ᠴᠤᠭᠯᠠᠭᠤᠯᠤᠭᠰᠠᠨ ᠴᠠᠭ ᠤᠨ ᠲᠡᠰ ᠲᠠᠷᠠᠭᠠᠯᠠᠯ ᠢᠶᠠᠷ ᠵᠢᠭᠰᠠᠭᠠᠵᠤ᠂ ᠠᠷᠠᠳ ᠤᠨ ᠦᠯᠢᠭᠡᠷ᠂ ᠠᠷᠠᠳ ᠤᠨ ᠲᠠᠭᠤᠤ ᠪᠦᠵᠢᠭ᠂ ᠵᠦᠢᠷ ᠰᠡᠴᠡᠨ ᠦᠭᠡ ᠭᠡᠬᠦ ᠭᠤᠷᠪᠠᠨ ᠬᠡᠰᠡᠭ ᠬᠣᠪᠢᠶᠠᠵᠠᠢ᠃
ᠲᠠᠭᠤᠷ ᠦᠨᠳᠦᠰᠦᠲᠡᠨ ᠪᠣᠯ ᠠᠵᠢᠯᠴᠢ ᠬᠦᠳᠡᠯᠮᠦᠷᠢᠴᠢ ᠰᠡᠴᠡᠨ ᠰᠡᠷᠭᠦᠯᠡᠩ ᠦᠨᠳᠦᠰᠦᠲᠡᠨ ᠶᠤᠮ᠂ ᠤᠷᠲᠤ ᠤᠳᠠᠭᠠᠨ ᠲᠡᠦᠬᠡᠨ ᠬᠥᠭᠵᠢᠯᠲᠡ ᠶᠢᠨ ᠶᠠᠪᠤᠴᠠ ᠳᠤᠮᠳᠠ ᠠᠬ᠎ᠠ ᠲᠠᠭᠦᠦ ᠦᠨᠳᠦᠰᠦᠲᠡᠨ ᠲᠠᠢ ᠬᠠᠮᠲᠤ ᠡᠬᠡ ᠤᠯᠤᠰ ᠤᠨ ᠢᠶᠠᠨ ᠬᠢᠯᠢ ᠬᠢᠵᠠᠭᠠᠷ ᠢ ᠬᠠᠮᠠᠭᠠᠯᠠᠵᠤ᠂ ᠦᠨᠳᠦᠰᠦᠲᠡᠨ ᠦ ᠪᠦᠯᠬᠦᠮᠳᠡᠯ ᠳᠦ ᠠᠭᠤᠤ ᠶᠡᠬᠡ ᠬᠤᠪᠢ ᠨᠡᠮᠡᠷᠢ ᠪᠠᠨ ᠦᠵᠡᠭᠦᠯᠬᠦ ᠶᠢᠨ ᠬᠠᠮᠲᠤ᠂ ᠥᠪᠡᠷᠮᠢᠴᠡ ᠣᠨᠴᠠᠯᠢᠭ ᠲᠠᠢ ᠦᠨᠳᠦᠰᠦᠲᠡᠨ ᠦ ᠰᠤᠶᠤᠯ ᠢ ᠡᠭᠦᠳᠦᠨ ᠪᠦᠲᠦᠭᠡᠵᠡᠢ᠃ ᠲᠠᠭᠤᠷ ᠦᠨᠳᠦᠰᠦᠲᠡᠨ ᠦ ᠠᠷᠠᠳ ᠤᠨ ᠠᠮᠠᠨ ᠤᠯᠠᠮᠵᠢᠯᠠᠯ ᠤᠨ ᠰᠤᠶᠤᠯ ᠲᠤᠢᠯ ᠤᠨ ᠡᠯᠪᠡᠭ ᠪᠠᠶᠠᠯᠢᠭ ᠪᠠᠢᠵᠤ᠂ ᠭᠣᠣᠯᠳᠠᠭᠤ ᠠᠷᠠᠳ ᠤᠨ ᠦᠯᠢᠭᠡᠷ᠂ ᠠᠷᠠᠳ ᠤᠨ ᠲᠠᠭᠤᠤ᠂ ᠵᠦᠢᠷ ᠰᠡᠴᠡᠨ ᠦᠭᠡ ᠵᠡᠷᠭᠡ ᠬᠡᠯᠪᠡᠷᠢ ᠪᠡᠷ ᠢᠯᠡᠷᠡᠵᠦ᠂ ᠣᠨᠴᠠᠭᠠᠢᠯᠠᠨ ᠴᠢᠩ ᠤᠯᠤᠰ ᠤᠨ ᠦᠶ᠎ᠡ ᠡᠴᠡ ᠨᠠᠰᠢ᠂ ᠣᠣᠯᠠ · ᠴᠠᠩ ᠰᠢᠩ ᠪᠠᠷ ᠮᠠᠩᠯᠠᠢᠯᠠᠭᠰᠠᠨ ᠰᠢᠯᠦᠭᠴᠢ ᠶᠢᠨ ᠡᠭᠦᠳᠦᠨ ᠪᠦᠲᠦᠭᠡᠭᠰᠡᠨ ᠨᠠᠢᠷᠠᠭᠯᠠᠯ - ᠦᠴᠦᠨ ᠨᠢ ᠲᠠᠭᠤᠷ ᠦᠨᠳᠦᠰᠦᠲᠡᠨ ᠦ ᠠᠷᠠᠳ ᠤᠨ ᠠᠮᠠᠨ ᠵᠣᠬᠢᠶᠠᠯ ᠤᠨ ᠳᠣᠲᠤᠷ᠎ᠠ ᠨᠡᠯᠢᠶᠡᠳ ᠭᠣᠣᠯᠯᠠᠬᠤ ᠪᠠᠢᠷᠢ ᠶᠢ ᠡᠵᠡᠯᠡᠵᠦ᠂ ᠲᠠᠭᠤᠷ ᠦᠨᠳᠦᠰᠦᠲᠡᠨ ᠦ ᠥᠪᠡᠷᠮᠢᠴᠡ ᠣᠨᠴᠠᠯᠢᠭ ᠪᠦᠬᠦᠢ ᠰᠤᠶᠤᠯ ᠪᠣᠯᠵᠠᠢ᠃
《ᠳᠣᠮᠳᠠᠳᠤ ᠤᠯᠤᠰ ᠤᠨ ᠴᠥᠬᠡᠨ ᠲᠣᠭᠠᠲᠤ ᠦᠨᠳᠦᠰᠦᠲᠡᠨ ᠦ ᠰᠤᠳᠤᠷ ᠪᠢᠴᠢᠭ ᠦᠨ ᠲᠣᠪᠴᠢ ᠠᠭᠤᠯᠭᠠᠲᠤ ᠶᠡᠷᠦᠩᠬᠡᠢ ᠭᠠᠷᠴᠠᠭ · ᠲᠠᠭᠤᠷ ᠦᠨᠳᠦᠰᠦᠲᠡᠨ ᠦ ᠪᠣᠳᠢ》 ᠨᠢ ᠤᠷᠲᠤ ᠤᠳᠠᠭᠠᠨ ᠲᠡᠦᠬᠡᠨ ᠶᠠᠪᠤᠴᠠ ᠳᠤᠮᠳᠠ ᠪᠦᠷᠢᠯᠳᠦᠭᠰᠡᠨ ᠲᠠᠭᠤᠷ ᠦᠨᠳᠦᠰᠦᠲᠡᠨ ᠦ ᠰᠤᠷᠪᠤᠯᠵᠢ ᠪᠢᠴᠢᠭ ᠪᠣᠯᠤᠨ ᠠᠮᠠᠨ ᠤᠯᠠᠮᠵᠢᠯᠠᠯ ᠤᠨ ᠮᠠᠲ᠋ᠧᠷᠢᠶᠠᠯ ᠢ ᠰᠢᠩᠭᠡᠭᠡᠨ ᠣᠷᠤᠭᠤᠯᠵᠤ᠂ ᠲᠠᠭᠤᠷ ᠦᠨᠳᠦᠰᠦᠲᠡᠨ ᠦ ᠰᠤᠳᠤᠷ ᠪᠢᠴᠢᠭ ᠦᠨ ᠲᠣᠢᠮᠦ ᠪᠠᠢᠳᠠᠯ ᠢ ᠨᠡᠯᠢᠶᠡᠳ ᠪᠦᠷᠢᠨ ᠲᠠᠨᠢᠯᠴᠠᠭᠤᠯᠵᠤ᠂ ᠲᠠᠭᠤᠷ ᠦᠨᠳᠦᠰᠦᠲᠡᠨ ᠦ ᠲᠡᠦᠬᠡ ᠪᠠ ᠰᠤᠶᠤᠯ ᠢ ᠰᠤᠳᠤᠯᠬᠤ ᠴᠢᠬᠤᠯᠠ ᠮᠠᠲ᠋ᠧᠷᠢᠶᠠᠯ ᠪᠣᠯᠵᠠᠢ᠃