《ᠳᠤᠮᠳᠠᠳᠤ ᠤᠯᠤᠰ ᠤ᠋ᠨ ᠴᠦ᠋ᠬᠡᠨ ᠲᠣᠭᠠᠲᠤ ᠦᠨᠳᠦᠰᠦᠲᠡᠨ ᠤ᠋ ᠰᠤᠳᠤᠷ ᠪᠢᠴᠢᠭ ᠤ᠋ᠨ ᠲᠣᠪᠴᠢ ᠠᠭᠤᠯᠭᠠᠲᠤ ᠶᠡᠷᠦᠩᠬᠡᠢ ᠭᠠᠷᠴᠠᠭ · ᠣᠷᠴᠤᠨ ᠦᠨᠳᠦᠰᠦᠲᠡᠨ ᠤ᠋ᠨ ᠪᠣᠳᠢ》
2019.08.13 ᠲᠣᠰ ᠥᠷᠲᠡᠭᠡᠨ ᠦ ᠨᠠᠢᠷᠠᠭᠤᠯᠤᠭᠴᠢ

      ᠤᠯᠤᠰ ᠤᠨ ᠦᠨᠳᠦᠰᠦᠲᠡᠨ ᠦ ᠬᠡᠷᠡᠭ ᠡᠷᠬᠢᠯᠡᠬᠦ ᠵᠥᠪᠯᠡᠯ ᠦᠨ ᠪᠦᠬᠦ ᠤᠯᠤᠰ ᠤᠨ ᠴᠥᠬᠡᠨ ᠲᠣᠭᠠᠲᠤ ᠦᠨᠳᠦᠰᠦᠲᠡᠨ ᠦ ᠰᠤᠳᠤᠷ ᠪᠢᠴᠢᠭ ᠢ ᠴᠣᠭᠯᠠᠭᠤᠯᠤᠨ ᠡᠮᠬᠢᠳᠭᠡᠵᠦ ᠰᠤᠳᠤᠯᠬᠤ ᠭᠠᠵᠠᠷ ᠤᠨ ᠡᠷᠬᠢᠯᠡᠨ ᠨᠠᠢᠷᠠᠭᠤᠯᠤᠭᠰᠠᠨ ᠤᠯᠤᠰ ᠤᠨ 《 ᠠᠷᠪᠠᠨ ᠨᠢᠭᠡᠳᠦᠭᠡᠷ ᠲᠠᠪᠤᠨ ᠵᠢᠯ ᠦᠨ ᠲᠥᠯᠥᠪᠯᠡᠭᠡ》 ᠶᠢᠨ ᠬᠤᠭᠤᠴᠠᠭᠠᠨ ᠳᠠᠬᠢ ᠭᠣᠣᠯᠳᠠᠯᠭᠠᠲᠤ ᠰᠤᠶᠤᠯ ᠤᠨ ᠲᠥᠷᠦᠯ ᠵᠦᠢᠯ ᠪᠣᠯᠬᠤ 《 ᠳᠤᠮᠳᠠᠳᠤ ᠤᠯᠤᠰ ᠤᠨ ᠴᠥᠬᠡᠨ ᠲᠣᠭᠠᠲᠤ ᠦᠨᠳᠦᠰᠦᠲᠡᠨ ᠦ ᠰᠤᠳᠤᠷ ᠪᠢᠴᠢᠭ ᠦᠨ ᠲᠣᠪᠴᠢ ᠠᠭᠤᠯᠭᠠᠲᠤ ᠶᠡᠷᠦᠩᠬᠡᠢ ᠭᠠᠷᠴᠠᠭ · ᠣᠷᠴᠦᠨ ᠦᠨᠳᠦᠰᠦᠲᠡᠨ ᠦ ᠪᠣᠳᠢ》 ᠶᠢ 2010 ᠣᠨ ᠤ 6 ᠰᠠᠷ᠎ᠠ ᠳᠤ ᠳᠤᠮᠳᠠᠳᠤ ᠤᠯᠤᠰ ᠤᠨ ᠶᠡᠬᠡ ᠨᠡᠪᠲᠡᠷᠬᠡᠢ ᠲᠣᠯᠢ ᠶᠢᠨ ᠬᠡᠪᠯᠡᠯ ᠦᠨ ᠬᠣᠷᠢᠶ᠎ᠠ ᠠᠴᠠ ᠵᠢᠩᠬᠢᠨᠢ ᠪᠡᠷ ᠬᠡᠪᠯᠡᠪᠡ᠃

     《 ᠳᠣᠮᠳᠠᠳᠤ ᠤᠯᠤᠰ ᠤᠨ ᠴᠥᠬᠡᠨ ᠲᠣᠭᠠᠲᠤ ᠦᠨᠳᠦᠰᠦᠲᠡᠨ ᠦ ᠰᠤᠳᠤᠷ ᠪᠢᠴᠢᠭ ᠦᠨ ᠲᠣᠪᠴᠢ ᠠᠭᠤᠯᠭᠠᠲᠤ ᠶᠡᠷᠦᠩᠬᠡᠢ ᠭᠠᠷᠴᠠᠭ · ᠣᠷᠴᠤᠨ ᠦᠨᠳᠦᠰᠦᠲᠡᠨ ᠦ ᠪᠣᠳᠢ》 ᠨᠢ ᠣᠷᠴᠦᠨ ᠦᠨᠳᠦᠰᠦᠲᠡᠨ ᠦ ᠰᠤᠳᠤᠷ ᠪᠢᠴᠢᠭ ᠢ 1547 ᠵᠣᠷᠪᠤᠰ ᠰᠢᠩᠭᠡᠭᠡᠨ ᠣᠷᠤᠭᠤᠯᠵᠤ᠂ ᠵᠣᠷᠪᠤᠰ ᠪᠦᠷᠢ ᠳᠦ ᠲᠤᠰ ᠰᠤᠳᠤᠷ ᠪᠢᠴᠢᠭ ᠦᠨ ᠢᠶᠠᠨ ᠭᠣᠣᠯ ᠠᠭᠤᠯᠭ᠎ᠠ ᠶᠢ ᠨᠢ ᠬᠤᠷᠢᠶᠠᠩᠭᠤᠢᠯᠠᠨ ᠲᠠᠨᠢᠯᠴᠠᠭᠤᠯᠪᠠ᠃ ᠪᠦᠬᠦ ᠨᠣᠮ ᠤᠨ ᠰᠤᠳᠤᠷ ᠪᠢᠴᠢᠭ ᠢ ᠲᠠᠩᠰᠠ ᠡᠪᠬᠡᠮᠡᠯ ᠦᠨ ᠲᠥᠷᠦᠯ ᠪᠣᠯᠤᠨ ᠠᠮᠠᠨ ᠤᠯᠠᠮᠵᠢᠯᠠᠯ ᠤᠨ ᠲᠥᠷᠦᠯ ᠭᠡᠬᠦ ᠬᠣᠶᠠᠷ ᠬᠡᠰᠡᠭ ᠬᠣᠪᠢᠶᠠᠵᠤ᠂ ᠡᠭᠦᠨ ᠦ ᠳᠣᠲᠤᠷ᠎ᠠ ᠲᠠᠩᠰᠠ ᠡᠪᠬᠡᠮᠡᠯ ᠤᠨ ᠲᠥᠷᠦᠯ ᠨᠢ ᠵᠠᠰᠠᠭ ᠤᠨ ᠶᠠᠪᠤᠳᠠᠯ᠂  ᠲᠤᠰᠢᠶᠠᠯᠲᠠᠨ᠂ ᠬᠠᠤᠯᠢ ᠴᠠᠭᠠᠵᠠ᠂ ᠴᠡᠷᠢᠭ ᠦᠨ ᠶᠠᠪᠤᠳᠠᠯ᠂ ᠠᠵᠤ ᠠᠬᠤᠢ᠂ ᠰᠣᠶᠤᠯ᠂ ᠰᠤᠷᠭᠠᠨ ᠬᠦᠮᠦᠵᠢᠯ᠂ ᠲᠡᠦᠬᠡ ᠭᠡᠬᠦ ᠨᠠᠢ᠍ᠮᠠᠨ ᠵᠢᠵᠢᠭ ᠲᠥᠷᠦᠯ ᠢᠶᠡᠷ ᠪᠦᠷᠢᠯᠳᠦᠵᠦ᠂ ᠡᠯ᠎ᠡ ᠵᠢᠵᠢᠭ ᠲᠥᠷᠦᠯ ᠢ ᠨᠢ ᠴᠠᠭ ᠤᠨ ᠲᠡᠰ ᠲᠠᠷᠠᠭᠠᠯᠠᠯ ᠢᠶᠠᠷ ᠵᠢᠭᠰᠠᠭᠠᠵᠤ᠂ ᠨᠡᠢᠲᠡ 536 ᠵᠣᠷᠪᠤᠰ ᠪᠣᠢ᠃ ᠠᠮᠠᠨ ᠤᠯᠠᠮᠵᠢᠯᠠᠯ ᠤᠨ ᠲᠥᠷᠦᠯ ᠨᠢ ᠠᠷᠠᠳ ᠤᠨ ᠲᠠᠭᠤᠤ᠂ ᠠᠷᠠᠳ ᠤᠨ ᠦᠯᠢᠭᠡᠷ᠂ ᠴᠡᠭᠡᠷ ᠦᠭᠡ᠂ ᠵᠦᠢᠷ ᠰᠡᠴᠡᠨ ᠦᠭᠡ ᠭᠡᠬᠦ ᠳᠥᠷᠪᠡᠨ ᠵᠢᠵᠢᠭ ᠲᠥᠷᠦᠯ ᠢᠶᠡᠷ ᠪᠦᠷᠢᠯᠳᠦᠵᠦ᠂ ᠡᠯ᠎ᠡ ᠵᠢᠵᠢᠭ ᠲᠥᠷᠦᠯ ᠢ ᠨᠢ ᠪᠦᠷ ᠴᠠᠭ ᠤᠨ ᠲᠡᠰ ᠲᠠᠷᠠᠭᠠᠯᠠᠯ ᠢᠶᠠᠷ ᠵᠢᠭᠰᠠᠭᠠᠵᠤ᠂ ᠨᠡᠢᠲᠡ 1011 ᠵᠣᠷᠪᠤᠰ ᠪᠣᠢ᠃

     ᠣᠷᠴᠦᠨ ᠦᠨᠳᠦᠰᠦᠲᠡᠨ ᠪᠣᠯ ᠮᠠᠨ ᠤ ᠤᠯᠤᠰ ᠤᠨ ᠦᠨᠳᠦᠰᠦᠲᠡᠨ ᠦ ᠶᠡᠬᠡ ᠭᠡᠷ ᠪᠦᠯᠢ ᠳᠣᠲᠤᠷᠠᠬᠢ ᠬᠦᠮᠦᠨ ᠠᠮᠠ ᠶᠢᠨ ᠲᠣᠭ᠎ᠠ ᠬᠠᠷᠢᠴᠠᠩᠭᠤᠢ ᠴᠥᠬᠡᠨ ᠲᠣᠭᠠᠲᠤ ᠦᠨᠳᠦᠰᠦᠲᠡᠨ ᠪᠣᠯᠪᠠᠴᠤ ᠤᠷᠲᠤ ᠤᠳᠠᠭᠠᠨ ᠲᠡᠦᠬᠡᠨ ᠬᠥᠭᠵᠢᠯᠲᠡ ᠶᠢᠨ ᠶᠠᠪᠤᠴᠠ ᠳᠦ ᠭᠡᠷᠡᠯ ᠰᠠᠴᠤᠷᠠᠩᠭᠤᠢ ᠲᠡᠦᠬᠡᠨ ᠰᠤᠶᠤᠯ ᠢ ᠡᠭᠦᠳᠦᠨ ᠪᠦᠲᠦᠭᠡᠵᠡᠢ᠃ ᠣᠷᠴᠤᠨ ᠦᠨᠳᠦᠰᠦᠲᠡᠨ ᠦ ᠰᠤᠳᠤᠷ ᠪᠢᠴᠢᠭ ᠨᠢ ᠤᠷᠴᠤᠨ ᠦᠨᠳᠦᠰᠦᠲᠡᠨ ᠦ ᠲᠡᠦᠬᠡ ᠪᠠ ᠰᠤᠶᠤᠯ ᠤᠨ ᠴᠢᠬᠤᠯᠠ ᠠᠴᠢᠶᠠᠯᠠᠭᠴᠢ ᠪᠡᠶ᠎ᠡ ᠮᠦᠨ᠃ ᠡᠭᠦᠨ ᠳᠦ᠂ ᠣᠷᠴᠣᠨ ᠦᠨᠳᠦᠰᠦᠲᠡᠨ ᠤ ᠲᠠᠩᠰᠠ ᠡᠪᠬᠡᠮᠡᠯ ᠦᠨ ᠰᠤᠳᠤᠷ ᠪᠢᠴᠢᠭ ᠶᠢᠨ ᠣᠯᠠᠩᠬᠢ ᠨᠢ ᠴᠢᠩ ᠤᠯᠤᠰ ᠡᠴᠡ ᠣᠷᠴᠤᠨ ᠦᠨᠳᠦᠰᠦᠲᠡᠨ ᠤ ᠵᠠᠰᠠᠭ ᠤᠨ ᠶᠠᠪᠤᠳᠠᠯ ᠢ ᠬᠠᠮᠢᠶᠠᠷᠴᠦ ᠪᠠᠢᠭᠰᠠᠨ ᠦᠶ᠎ᠡ ᠶᠢᠨ ᠲᠠᠩᠰᠠ ᠡᠪᠬᠡᠮᠡᠯ ᠠᠯᠪᠠᠨ ᠪᠢᠴᠢᠭ ᠪᠠᠢᠵᠤ᠂ ᠣᠷᠴᠤᠨ ᠦᠨᠳᠦᠰᠦᠲᠡᠨ ᠤ ᠲᠡᠦᠬᠡ ᠰᠤᠳᠤᠯᠭᠠᠨ ᠤ ᠦᠨ᠎ᠡ ᠥᠷᠲᠡᠭ ᠪᠦᠬᠦᠢ ᠴᠢᠬᠤᠯᠠ ᠮᠠᠲ᠋ᠧᠷᠢᠶᠠᠯ ᠪᠣᠯᠵᠠᠢ᠃ ᠣᠷᠴᠤᠨ ᠦᠨᠳᠦᠰᠦᠲᠡᠨ ᠦ ᠠᠮᠠᠨ ᠤᠯᠠᠮᠵᠢᠯᠠᠯ ᠤᠨ ᠰᠤᠳᠤᠷ ᠪᠢᠴᠢᠭ ᠦᠨ ᠠᠭᠤᠯᠭ᠎ᠠ ᠨᠢ ᠲᠣᠩ ᠪᠠᠶᠠᠯᠢᠭ ᠪᠠᠢᠵᠤ᠂ ᠣᠷᠴᠦᠨ ᠦᠨᠳᠦᠰᠦᠲᠡᠨ ᠦ ᠠᠷᠠᠳ ᠤᠨ ᠤᠯᠠᠮᠵᠢᠯᠠᠯᠲᠤ ᠰᠤᠶᠤᠯ᠂ ᠤᠢᠯᠡᠳᠪᠦᠷᠢᠯᠡᠯ ᠠᠮᠢᠳᠦᠷᠠᠯ᠂ ᠱᠠᠰᠢᠨ ᠰᠢᠲᠦᠯᠭᠡ᠂ ᠵᠠᠩ ᠵᠠᠩᠰᠢᠯ᠂ ᠤᠯᠠᠮᠵᠢᠯᠠᠯᠲᠤ ᠴᠡᠭᠡᠷ ᠵᠡᠷᠭᠡ ᠡᠯ᠎ᠡ ᠲᠠᠯ᠎ᠠ ᠶᠢᠨ ᠠᠭᠤᠯᠭ᠎ᠠ ᠶᠢ ᠬᠠᠮᠤᠷᠴᠦ᠂ ᠢᠯᠡᠳᠭᠡᠬᠦ ᠬᠡᠯᠪᠡᠷᠢ ᠨᠢ ᠣᠯᠠᠨ ᠶᠠᠩᠵᠤ ᠶᠢᠨ ᠪᠠᠢᠵᠤ᠂ ᠠᠷᠠᠳ ᠤᠨ ᠲᠠᠭᠤᠤ᠂  ᠠᠷᠠᠳ ᠤᠨ ᠦᠯᠢᠭᠡᠷ᠂ ᠵᠦᠢᠷ ᠰᠡᠴᠡᠨ ᠦᠭᠡ ᠵᠡᠷᠭᠡ ᠪᠣᠢ᠃

     《 ᠳᠤᠮᠳᠠᠳᠤ ᠤᠯᠤᠰ ᠤᠨ ᠴᠥᠬᠡᠨ ᠲᠣᠭᠠᠲᠤ ᠦᠨᠳᠦᠰᠦᠲᠡᠨ ᠦ ᠰᠤᠳᠤᠷ ᠪᠢᠴᠢᠭ ᠦᠨ ᠲᠣᠪᠴᠢ ᠠᠭᠤᠯᠭᠠᠲᠤ ᠶᠡᠷᠦᠩᠬᠡᠢ ᠭᠠᠷᠴᠠᠭ · ᠣᠷᠴᠣᠨ ᠦᠨᠳᠦᠰᠦᠲᠡᠨ ᠦ ᠪᠣᠳᠢ》 ᠨᠢ ᠣᠷᠴᠦᠨ ᠦᠨᠳᠦᠰᠦᠲᠡᠨ ᠦ ᠰᠤᠳᠤᠷ ᠪᠢᠴᠢᠭ ᠦᠨ ᠦᠨᠳᠦᠰᠦᠨ ᠪᠠᠢᠳᠠᠯ ᠢ ᠰᠢᠰᠲ᠋ᠧᠮ ᠲᠠᠢ ᠲᠠᠨᠢᠯᠴᠠᠭᠤᠯᠵᠤ᠂ ᠣᠷᠴᠦᠨ ᠦᠨᠳᠦᠰᠦᠲᠡᠨ ᠦ ᠲᠡᠦᠬᠡ ᠪᠠ ᠰᠣᠶᠤᠯ ᠢ ᠤᠢᠯᠠᠭᠠᠬᠤ ᠴᠢᠬᠤᠯᠠ ᠬᠡᠷᠡᠭᠯᠡᠭᠦᠷ ᠦᠨ ᠪᠢᠴᠢᠭ ᠪᠣᠯᠵᠠᠢ᠃ ᠲᠡᠭᠦᠨ ᠤ ᠬᠡᠪᠯᠡᠭᠳᠡᠭᠰᠡᠨ ᠨᠢ ᠣᠷᠴᠦᠨ ᠦᠨᠳᠦᠰᠦᠲᠡᠨ ᠦ ᠭᠡᠷᠡᠯ ᠰᠠᠴᠦᠷᠠᠩᠭᠤᠢ ᠲᠡᠦᠬᠡᠨ ᠥᠪ ᠰᠣᠶᠤᠯ ᠢ ᠪᠦᠬᠦ ᠲᠠᠯ᠎ᠠ ᠪᠠᠷ ᠲᠤᠰᠬᠠᠵᠤ᠂ ᠣᠷᠴᠦᠨ ᠦᠨᠳᠦᠰᠦᠲᠡᠨ ᠦ ᠠᠷᠠᠳ ᠲᠦᠮᠡᠨ ᠦ ᠳᠤᠮᠳᠠᠳᠤ ᠶᠢᠨ ᠦᠨᠳᠦᠰᠦᠲᠡᠨ ᠦ ᠤᠯᠠᠮᠵᠢᠯᠠᠯᠲᠤ ᠰᠣᠶᠤᠯ ᠳᠦ ᠦᠵᠡᠭᠦᠯᠦᠭᠰᠡᠨ ᠴᠢᠬᠤᠯᠠ ᠬᠤᠪᠢ ᠨᠡᠮᠡᠷᠢ ᠶᠢ ᠬᠠᠷᠠᠭᠤᠯᠵᠠᠢ᠃

 

蒙ICP备17000293号-1 蒙公网安备 15010202150932号