ᠤᠯᠤᠰ ᠤᠨ ᠦᠨᠳᠦᠰᠦᠲᠡᠨ ᠦ ᠬᠡᠷᠡᠭ ᠡᠷᠬᠢᠯᠡᠬᠦ ᠵᠥᠪᠯᠡᠯ ᠦᠨ ᠪᠦᠬᠦ ᠤᠯᠤᠰ ᠤᠨ ᠴᠥᠬᠡᠨ ᠲᠣᠭᠠᠲᠤ ᠦᠨᠳᠦᠰᠦᠲᠡᠨ ᠦ ᠰᠤᠳᠤᠷ ᠪᠢᠴᠢᠭ ᠢ ᠴᠣᠭᠯᠠᠭᠤᠯᠤᠨ ᠡᠮᠬᠢᠳᠭᠡᠵᠦ ᠰᠤᠳᠤᠯᠬᠤ ᠭᠠᠵᠠᠷ ᠤᠨ ᠡᠷᠬᠢᠯᠡᠨ ᠨᠠᠢᠷᠠᠭᠤᠯᠤᠭᠰᠠᠨ ᠤᠯᠤᠰ ᠤᠨ 《 ᠠᠷᠪᠠᠨ ᠨᠢᠭᠡᠳᠦᠭᠡᠷ ᠲᠠᠪᠤᠨ ᠵᠢᠯ ᠦᠨ ᠲᠥᠯᠥᠪᠯᠡᠭᠡ 》 ᠶᠢᠨ ᠬᠤᠭᠤᠴᠠᠭᠠᠨ ᠳᠠᠬᠢ ᠭᠣᠣᠯᠳᠠᠯᠭᠠᠲᠤ ᠰᠤᠶᠤᠯ ᠤᠨ ᠲᠥᠷᠦᠯ ᠵᠦᠢᠯ ᠪᠣᠯᠬᠤ 《 ᠳᠤᠮᠳᠠᠳᠤ ᠤᠯᠤᠰ ᠤᠨ ᠴᠥᠬᠡᠨ ᠲᠣᠭᠠᠲᠤ ᠦᠨᠳᠦᠰᠦᠲᠡᠨ ᠦ ᠰᠤᠳᠤᠷ ᠪᠢᠴᠢᠭ ᠦᠨ ᠲᠣᠪᠴᠢ ᠠᠭᠤᠯᠭᠠᠲᠤ ᠶᠡᠷᠦᠩᠬᠡᠢ ᠭᠠᠷᠴᠠᠭ · ᠡᠧᠡᠩᠬᠢ ᠦᠨᠳᠦᠰᠦᠲᠡᠨ ᠦ ᠪᠣᠳᠢ 》 ᠶᠢ 2010 ᠣᠨ ᠤ 4 ᠰᠠᠷ᠎ᠠ ᠳᠤ ᠳᠤᠮᠳᠠᠳᠤ ᠤᠯᠤᠰ ᠤᠨ ᠶᠡᠬᠡ ᠨᠡᠪᠲᠡᠷᠬᠡᠢ ᠲᠣᠯᠢ ᠶᠢᠨ ᠬᠡᠪᠯᠡᠯ ᠦᠨ ᠬᠣᠷᠢᠶ᠎ᠠ ᠠᠴᠠ ᠵᠢᠩᠬᠢᠨᠢ ᠪᠡᠷ ᠬᠡᠪᠯᠡᠪᠡ᠃
《 ᠳᠣᠮᠳᠠᠳᠤ ᠤᠯᠤᠰ ᠤᠨ ᠴᠥᠬᠡᠨ ᠲᠣᠭᠠᠲᠤ ᠦᠨᠳᠦᠰᠦᠲᠡᠨ ᠦ ᠰᠤᠳᠤᠷ ᠪᠢᠴᠢᠭ ᠦᠨ ᠲᠣᠪᠴᠢ ᠠᠭᠤᠯᠭᠠᠲᠤ ᠶᠡᠷᠦᠩᠬᠡᠢ ᠭᠠᠷᠴᠠᠭ · ᠡᠧᠡᠩᠬᠢ ᠦᠨᠳᠦᠰᠦᠲᠡᠨ ᠦ ᠪᠣᠳᠢ》 ᠨᠢ ᠡᠧᠡᠩᠬᠢ ᠦᠨᠳᠦᠰᠦᠲᠡᠨ ᠦ ᠰᠤᠳᠤᠷ ᠪᠢᠴᠢᠭ ᠢ 2143 ᠵᠣᠷᠪᠤᠰ ᠰᠢᠩᠭᠡᠭᠡᠨ ᠣᠷᠤᠭᠤᠯᠵᠤ᠂ ᠵᠣᠷᠪᠤᠰ ᠪᠦᠷᠢ ᠳᠦ ᠲᠤᠰ ᠰᠤᠳᠤᠷ ᠪᠢᠴᠢᠭ ᠦᠨ ᠢᠶᠠᠨ ᠭᠣᠣᠯ ᠠᠭᠤᠯᠭ᠎ᠠ ᠶᠢ ᠨᠢ ᠬᠤᠷᠢᠶᠠᠩᠭᠤᠢᠯᠠᠨ ᠲᠠᠨᠢᠯᠴᠠᠭᠤᠯᠪᠠ᠃ ᠪᠦᠬᠦ ᠨᠣᠮ ᠢ ᠬᠥᠬᠡ᠂ ᠬᠥᠬᠡᠭᠴᠢᠨ᠂ ᠤᠯᠠᠭᠠᠨ᠂ ᠤᠯᠠᠭᠠᠭᠴᠢᠨ ᠳᠦᠷᠪᠡᠨ ᠪᠦᠯᠦᠭ ᠬᠣᠪᠢᠶᠠᠵᠤ᠂ ᠬᠥᠬᠡ ᠪᠦᠯᠦᠭ ᠲᠤ ᠨᠣᠮ ᠪᠢᠴᠢᠭ ᠦᠨ ᠲᠥᠷᠦᠯ ᠦᠨ ᠰᠤᠳᠤᠷ ᠪᠢᠴᠢᠭ ᠢ 6 ᠵᠣᠷᠪᠤᠰ᠂ ᠬᠥᠬᠡᠭᠴᠢᠨ ᠪᠦᠯᠦᠭ ᠲᠤ ᠬᠦᠰᠢᠶ᠎ᠡ ᠰᠡᠢᠯᠦᠮᠡᠯ ᠦᠨ ᠲᠦᠷᠦᠯ ᠶᠢᠨ ᠰᠤᠳᠤᠷ ᠪᠢᠴᠢᠭ ᠢ 9 ᠵᠣᠷᠪᠤᠰ᠂ ᠤᠯᠠᠭᠠᠨ ᠪᠦᠯᠦᠭ ᠲᠦ ᠲᠠᠩᠰᠠ ᠡᠪᠬᠡᠮᠡᠯ ᠦᠨ ᠲᠥᠷᠦᠯ ᠦᠨ ᠰᠤᠳᠤᠷ ᠪᠢᠴᠢᠭ ᠢ 736 ᠵᠣᠷᠪᠤᠰ᠂ ᠤᠯᠠᠭᠠᠭᠴᠢᠨ ᠪᠦᠯᠦᠭ ᠲᠦ ᠠᠮᠠᠨ ᠤᠯᠠᠮᠵᠢᠯᠠᠯ ᠤᠨ ᠰᠤᠳᠤᠷ ᠪᠢᠴᠢᠭ ᠢ 651 ᠵᠣᠷᠪᠤᠰ ᠲᠤᠰ ᠲᠤᠰ ᠰᠢᠩᠭᠡᠭᠡᠨ ᠣᠷᠤᠭᠤᠯᠵᠠᠢ᠃ ᠬᠣᠢᠨᠠᠬᠢ ᠲᠠᠭᠠᠯᠳᠤᠭᠤᠯᠤᠯ ᠤᠨ ᠬᠡᠰᠡᠭ ᠲᠦ ᠡᠧᠡᠩᠬᠢ ᠦᠨᠳᠦᠰᠦᠲᠡᠨ ᠦ ᠲᠡᠦᠬᠡᠨ ᠮᠠᠲ᠋ᠧᠷᠢᠶᠠᠯ ᠢ 378 ᠵᠣᠷᠪᠤᠰ ᠰᠢᠩᠭᠡᠭᠡᠨ ᠣᠷᠤᠭᠤᠯᠵᠤ᠂ ᠠᠭᠤᠯᠭ᠎ᠠ ᠪᠠᠷ ᠨᠢ ᠵᠠᠰᠠᠭ ᠤᠨ ᠶᠠᠪᠤᠳᠠᠯ᠂ ᠬᠠᠦᠯᠢ ᠴᠠᠭᠠᠵᠠ᠂ ᠴᠡᠷᠢᠭ ᠦᠨ ᠶᠠᠪᠤᠳᠠᠯ᠂ ᠠᠵᠤ ᠠᠬᠤᠢ᠂ ᠰᠣᠶᠤᠯ ᠵᠠᠩ ᠲᠠᠳᠬᠠᠯ᠂ ᠲᠡᠦᠬᠡ ᠵᠡᠷᠭᠡ ᠬᠡᠰᠡᠭ ᠬᠣᠪᠢᠶᠠᠵᠤ᠂ ᠴᠠᠭ ᠤᠨ ᠲᠡᠰ ᠲᠠᠷᠠᠭᠠᠯᠠᠯ ᠢᠶᠠᠷ ᠵᠢᠭᠰᠠᠭᠠᠵᠠᠢ᠃
ᠡᠧᠡᠩᠬᠢ ᠦᠨᠳᠦᠰᠦᠲᠡᠨ ᠪᠣᠯ ᠮᠠᠨ ᠤ ᠤᠯᠤᠰ ᠤᠨ 55 ᠴᠥᠬᠡᠨ ᠲᠣᠭᠠᠲᠤ ᠦᠨᠳᠦᠰᠦᠲᠡᠨ ᠦ ᠳᠣᠲᠤᠷᠠᠬᠢ ᠬᠦᠮᠦᠨ ᠠᠮᠠ ᠶᠢᠨ ᠲᠣᠭ᠎ᠠ ᠬᠠᠷᠢᠴᠠᠩᠭᠤᠢ ᠴᠥᠬᠡᠨ ᠲᠣᠭᠠᠲᠤ ᠦᠨᠳᠦᠰᠦᠲᠡᠨ ᠪᠠᠢᠵᠤ᠂ ᠤᠷᠲᠤ ᠤᠳᠠᠭᠠᠨ ᠲᠡᠦᠬᠡᠨ ᠬᠥᠭᠵᠢᠯᠲᠡ ᠶᠢᠨ ᠶᠠᠪᠤᠴᠠ ᠳᠤ ᠡᠧᠡᠩᠬᠢ ᠦᠨᠳᠦᠰᠦᠲᠡᠨ ᠣᠯᠠᠨ ᠵᠦᠢᠯ ᠦᠨ ᠬᠡᠯᠪᠡᠷᠢ ᠶᠠᠩᠵᠤ ᠲᠠᠢ᠂ ᠦᠨᠳᠦᠰᠦᠲᠡᠨ ᠦ ᠣᠨᠴᠠᠯᠢᠭ ᠰᠢᠨᠵᠢ ᠪᠦᠬᠦᠢ ᠤᠯᠠᠮᠵᠢᠯᠠᠯᠲᠤ ᠰᠤᠶᠤᠯ ᠢ ᠡᠭᠦᠳᠦᠨ ᠪᠦᠲᠦᠭᠡᠵᠡᠢ᠃ 《 ᠳᠣᠮᠳᠠᠳᠤ ᠤᠯᠤᠰ ᠤᠨ ᠴᠥᠬᠡᠨ ᠲᠣᠭᠠᠲᠤ ᠦᠨᠳᠦᠰᠦᠲᠡᠨ ᠦ ᠰᠤᠳᠤᠷ ᠪᠢᠴᠢᠭ ᠦᠨ ᠲᠣᠪᠴᠢ ᠠᠭᠤᠯᠭᠠᠲᠤ ᠶᠡᠷᠦᠩᠬᠡᠢ ᠭᠠᠷᠴᠠᠭ · ᠡᠧᠡᠩᠬᠢ ᠦᠨᠳᠦᠰᠦᠲᠡᠨ ᠦ ᠪᠣᠳᠢ》 ᠨᠢ ᠡᠧᠡᠩᠬᠢ ᠦᠨᠳᠦᠰᠦᠲᠡᠨ ᠦ ᠰᠤᠳᠤᠷ ᠪᠢᠴᠢᠭ ᠦᠨ ᠶᠡᠷᠦᠩᠬᠡᠢ ᠪᠠᠢᠳᠠᠯ ᠢ ᠠᠩᠬᠠᠳᠤᠭᠠᠷ ᠤᠳᠠᠭ᠎ᠠ ᠰᠢᠰᠲ᠋ᠧᠮ ᠲᠠᠢ ᠲᠠᠨᠢᠯᠴᠠᠭᠤᠯᠪᠠ᠃ ᠡᠭᠦᠨ ᠳᠦ᠂ ᠨᠣᠮ ᠪᠢᠴᠢᠭ ᠦᠨ ᠲᠥᠷᠦᠯ ᠳᠦ ᠴᠢᠩ ᠤᠯᠤᠰ ᠤᠨ ᠰᠡᠭᠦᠯᠴᠢ ᠶᠢᠨ ᠦᠶ᠎ᠡ ᠪᠠᠷ ᠨᠠᠢᠷᠠᠭᠤᠯᠤᠨ ᠵᠣᠬᠢᠶᠠᠭᠰᠠᠨ ᠬᠡᠰᠡᠭ ᠡᠧᠡᠩᠬᠢ ᠦᠨᠳᠦᠰᠦᠲᠡᠨ ᠦ ᠭᠡᠷ ᠦᠨ ᠴᠠᠳᠢᠭ ᠢ ᠰᠢᠩᠭᠡᠭᠡᠨ ᠣᠷᠤᠭᠤᠯᠵᠤ᠂ ᠬᠦᠰᠢᠶ᠎ᠡ ᠰᠡᠢᠯᠦᠮᠡᠯ ᠦᠨ ᠲᠦᠷᠦᠯ ᠳᠤ ᠡᠧᠡᠩᠬᠢ ᠦᠨᠳᠦᠰᠦᠲᠡᠨ ᠲᠠᠢ ᠬᠠᠷᠢᠴᠠᠭ᠎ᠠ ᠲᠠᠢ ᠲᠡᠦᠬᠡᠨ ᠬᠦᠮᠦᠰ ᠦᠨ ᠬᠦᠰᠢᠶᠡᠨ ᠦ ᠪᠢᠴᠢᠭᠡᠰᠦ ᠶᠢ ᠰᠢᠩᠭᠡᠭᠡᠨ ᠣᠷᠤᠭᠤᠯᠵᠤ᠂ ᠲᠠᠩᠰᠠ ᠡᠪᠬᠡᠮᠡᠯ ᠦᠨ ᠲᠥᠷᠦᠯ ᠳᠤ ᠴᠢᠩ ᠤᠯᠤᠰ ᠠᠴᠠ ᠢᠷᠭᠡᠨ ᠤᠯᠤᠰ ᠤᠨ ᠬᠣᠭᠤᠷᠤᠨᠳᠤᠬᠢ ᠰᠣᠯᠤᠨ ᠲᠠᠩᠰᠠ ᠡᠪᠬᠡᠮᠡᠯ ᠠᠯᠪᠠᠨ ᠪᠢᠴᠢᠭ ᠢ ᠰᠢᠩᠭᠡᠭᠡᠨ ᠣᠷᠤᠭᠤᠯᠵᠤ᠂ ᠲᠤᠬᠠᠢ ᠶᠢᠨ ᠦᠶ᠎ᠡ ᠶᠢᠨ ᠡᠧᠡᠩᠬᠢ ᠦᠨᠳᠦᠰᠦᠲᠡᠨ ᠦ ᠨᠡᠢᠭᠡᠮ᠂ ᠤᠯᠤᠰ ᠲᠥᠷᠦ ᠪᠠ ᠠᠵᠤ ᠠᠬᠤᠢ ᠶᠢᠨ ᠪᠠᠢᠷᠢ ᠰᠠᠭᠤᠷᠢ ᠂ ᠨᠡᠢᠭᠡᠮ ᠦᠨ ᠬᠥᠭᠵᠢᠯᠲᠡ ᠶᠢᠨ ᠪᠠᠢᠳᠠᠯ ᠢ ᠨᠠᠷᠢᠯᠢᠭ ᠰᠠᠢᠬᠠᠨ ᠲᠤᠰᠬᠠᠵᠠᠢ᠃ ᠠᠮᠠᠨ ᠤᠯᠠᠮᠵᠢᠯᠠᠯ ᠤᠨ ᠰᠤᠳᠤᠷ ᠪᠢᠴᠢᠭ ᠨᠢ ᠡᠧᠡᠩᠬᠢ ᠦᠨᠳᠦᠰᠦᠲᠡᠨ ᠦ ᠲᠡᠦᠬᠡ ᠪᠠ ᠰᠤᠶᠤᠯ ᠤᠨ ᠴᠢᠬᠤᠯᠠ ᠪᠦᠷᠢᠯᠳᠦᠭᠦᠨ ᠬᠡᠰᠡᠭ ᠪᠠᠢᠵᠤ᠂ ᠠᠷᠠᠳ ᠤᠨ ᠦᠯᠢᠭᠡᠷ᠂ ᠠᠷᠠᠳ ᠤᠨ ᠲᠠᠭᠤᠤ ᠪᠦᠵᠢᠭ᠂ ᠴᠡᠭᠡᠷ ᠦᠭᠡ ᠂ ᠵᠦᠢᠷ ᠰᠡᠴᠡᠨ ᠦᠭᠡ ᠭᠡᠬᠦ ᠳᠦᠷᠪᠡᠨ ᠬᠡᠰᠡᠭ ᠬᠣᠪᠢᠶᠠᠵᠤ᠂ ᠡᠧᠡᠩᠬᠢ ᠦᠨᠳᠦᠰᠦᠲᠡᠨ ᠦ ᠡᠭᠦᠰᠦᠯ ᠭᠠᠷᠤᠯ᠂ ᠠᠩᠬᠠᠨ ᠤ ᠦᠶ᠎ᠡ ᠶᠢᠨ ᠲᠡᠦᠬᠡ ᠪᠣᠯᠤᠨ ᠨᠡᠭᠦᠭᠰᠡᠨ ᠶᠠᠪᠤᠴᠠ᠂ ᠦᠢᠯᠡᠳᠪᠦᠷᠢᠯᠡᠯ ᠠᠮᠢᠳᠤᠷᠠᠯ᠂ ᠵᠠᠩ ᠵᠠᠩᠰᠢᠯ᠂ ᠱᠠᠰᠢᠨ ᠰᠢᠲᠦᠯᠭᠡ ᠵᠡᠷᠭᠡ ᠣᠯᠠᠨ ᠵᠦᠢᠯ ᠦᠨ ᠠᠭᠤᠯᠭ᠎ᠠ ᠶᠢ ᠬᠠᠮᠤᠷᠴᠠᠢ᠃
《ᠳᠣᠮᠳᠠᠳᠤ ᠤᠯᠤᠰ ᠤᠨ ᠴᠥᠬᠡᠨ ᠲᠣᠭᠠᠲᠤ ᠦᠨᠳᠦᠰᠦᠲᠡᠨ ᠦ ᠰᠤᠳᠤᠷ ᠪᠢᠴᠢᠭ ᠦᠨ ᠲᠣᠪᠴᠢ ᠠᠭᠤᠯᠭᠠᠲᠤ ᠶᠡᠷᠦᠩᠬᠡᠢ ᠭᠠᠷᠴᠠᠭ · ᠡᠧᠡᠩᠬᠢ ᠦᠨᠳᠦᠰᠦᠲᠡᠨ ᠦ ᠪᠣᠳᠢ 》 ᠪᠣᠯ ᠡᠧᠡᠩᠬᠢ ᠦᠨᠳᠦᠰᠦᠲᠡᠨ ᠤ ᠰᠤᠳᠤᠷ ᠪᠢᠴᠢᠭ ᠢ ᠲᠠᠨᠢᠯᠴᠠᠭᠤᠯᠤᠭᠰᠠᠨ ᠴᠢᠬᠤᠯᠠ ᠬᠡᠷᠡᠭᠯᠡᠭᠦᠷ ᠦᠨ ᠪᠢᠴᠢᠭ ᠪᠣᠯᠬᠤ ᠶᠤᠮ᠃ ᠲᠡᠭᠦᠨ ᠦ ᠬᠡᠪᠯᠡᠭᠳᠡᠭᠰᠡᠨ ᠨᠢ ᠡᠧᠡᠩᠬᠢ ᠦᠨᠳᠦᠰᠦᠲᠡᠨ ᠦ ᠭᠡᠷᠡᠯ ᠰᠠᠴᠤᠷᠠᠩᠭᠤᠢ ᠲᠡᠦᠬᠡᠨ ᠥᠪ ᠰᠤᠶᠤᠯ ᠢ ᠪᠦᠬᠦ ᠲᠠᠯ᠎ᠠ ᠪᠠᠷ ᠲᠤᠰᠬᠠᠵᠤ᠂ ᠡᠧᠡᠩᠬᠢ ᠦᠨᠳᠦᠰᠦᠲᠡᠨ ᠦ ᠠᠷᠠᠳ ᠲᠥᠮᠡᠨ ᠳᠤᠮᠳᠠᠳᠤ ᠶᠢᠨ ᠦᠨᠳᠦᠰᠦᠲᠡᠨ ᠦ ᠤᠯᠠᠮᠵᠢᠯᠠᠯᠲᠤ ᠰᠤᠶᠤᠯ ᠳᠤ ᠦᠵᠡᠭᠦᠯᠦᠭᠰᠡᠨ ᠴᠢᠬᠤᠯᠠ ᠬᠤᠪᠢ ᠨᠡᠮᠡᠷᠢ ᠶᠢ ᠬᠠᠷᠠᠭᠤᠯᠵᠠᠢ᠃