《 ᠬᠠᠩᠭᠢᠨ ᠬᠣᠰᠢᠭᠤᠨ ᠤ᠋ ᠵᠠᠰᠠᠭ ᠶᠠᠮᠤᠨ ᠤ᠋ ᠳᠠᠩᠰᠠ 》
ᠵᠣᠬᠢᠶᠠᠭᠴᠢ: ᠬᠠᠩᠭᠢᠨ ᠬᠣᠰᠢᠭᠤᠨ ᠤ᠋ ᠱᠠᠰᠢᠨ ᠰᠤᠷᠲᠠᠬᠤᠨ ᠤ᠋ ᠲᠣᠪᠴᠢᠶ᠎ᠠ᠂ ᠵᠠᠰᠠᠭ ᠤ᠋ᠨ ᠣᠷᠳᠤᠨ᠂ ᠬᠣᠲᠠ ᠶ᠋ᠢᠨ ᠦᠨᠳᠦᠰᠦᠲᠡᠨ ᠦ᠌ ᠵᠥᠪᠯᠡᠯ᠂ ᠳᠠᠩᠰᠠ ᠡᠪᠬᠡᠮᠡᠯ ᠤ᠋ᠨ ᠰᠠᠩ᠂ ᠥᠪᠦᠷ ᠮᠣᠩᠭᠤᠯ ᠤ᠋ᠨ ᠳᠠᠩᠰᠠ ᠡᠪᠬᠡᠮᠡᠯ ᠤ᠋ᠨ ᠰᠠᠩ᠂ ᠥᠪᠦᠷ ᠮᠣᠩᠭᠤᠯ ᠤ᠋ᠨ ᠰᠤᠳᠤᠷ ᠪᠢᠴᠢᠭ ᠤ᠋ᠨ ᠠᠯᠪᠠᠨ ᠭᠡᠷ ᠬᠡᠯᠡ: ᠮᠣᠩᠭᠤᠯ ᠬᠡᠪᠯᠡᠯ ᠤ᠋ᠨ ᠬᠣᠷᠢᠶ᠎ᠠ: ᠥᠪᠦᠷ ᠮᠣᠩᠭᠤᠯ ᠤ᠋ᠨ ᠰᠣᠶᠤᠯ ᠤ᠋ᠨ ᠬᠡᠪᠯᠡᠯ ᠤ᠋ᠨ ᠬᠣᠷᠢᠶ᠎ᠠ ᠬᠡᠪᠯᠡᠭᠰᠡᠨ ᠴᠠᠭ: 2016 ᠣᠨ ᠤ᠋ 06 ᠰᠠᠷ᠎ᠠ ᠬᠡᠪᠯᠡᠭᠰᠡᠨ ᠤᠳᠠᠭ᠎ᠠ:ᠠᠩᠬᠠᠳᠤᠭᠠᠷ ᠬᠡᠪᠯᠡᠯ
ᠲᠣᠪᠴᠢ ᠲᠠᠨᠢᠯᠴᠠᠭᠤᠯᠭ᠎ᠠ:

《ᠬᠠᠩᠭᠢᠨ ᠬᠣᠰᠢᠭᠤᠨ ᠤ᠋ ᠵᠠᠰᠠᠭ ᠶᠠᠮᠤᠨ ᠤ᠋ᠨ ᠳᠠᠩᠰᠠ》 ᠳ᠋ᠤ᠌ ᠡᠮᠬᠢᠳᠭᠡᠨ ᠣᠷᠤᠭᠤᠯᠤᠭᠰᠠᠨ ᠳᠠᠩᠰᠠ ᠨᠤᠭᠤᠳ ᠪᠣᠯ ᠴᠢᠩ ᠤᠯᠤᠰ  ᠡᠴᠡ ᠢᠷᠭᠡᠨ ᠤᠯᠤᠰ ᠬᠦᠷᠲᠡᠯᠡᠬᠢ ᠤᠤᠯ ᠤ᠋ᠨ ᠶᠡᠬᠡ ᠵᠣᠣ ᠶ᠋ᠢᠨ ᠴᠢᠭᠤᠯᠭᠠᠨ ᠤ᠋ ᠬᠠᠩᠭᠢᠨ ᠬᠣᠰᠢᠭᠤᠨ ᠤ᠋ ᠵᠠᠰᠠᠭ ᠶᠠᠮᠤᠨ ᠤ᠋ ᠮᠣᠩᠭᠤᠯ ᠳᠠᠩᠰᠠ ᠨᠤᠭᠤᠳ ᠶᠤᠮ᠃ ᠡᠳᠡᠭᠡᠷ ᠳᠠᠩᠰᠠ ᠨᠤᠭᠤᠳ  ᠨᠢ ᠣᠳᠣᠬᠠᠨ ᠳ᠋ᠤ᠌ ᠥᠪᠦᠷ ᠮᠣᠩᠭᠤᠯ ᠤ᠋ᠨ ᠥᠪᠡᠷᠲᠡᠭᠡᠨ ᠵᠠᠰᠠᠬᠤ ᠣᠷᠤᠨ ᠤ᠋ ᠳᠠᠩᠰᠠ ᠡᠪᠬᠡᠮᠡᠯ ᠤ᠋ᠨ ᠰᠠᠩ᠂ ᠥᠪᠦᠷ ᠮᠣᠩᠭᠤᠯ ᠤ᠋ᠨ ᠥᠪᠡᠷᠲᠡᠭᠡᠨ ᠵᠠᠰᠠᠬᠤ ᠣᠷᠤᠨ ᠤ᠋ ᠨᠡᠢᠭᠡᠮ ᠦ᠋ᠨ ᠰᠢᠨᠵᠢᠯᠡᠬᠦ ᠤᠬᠠᠭᠠᠨ ᠤ᠋ ᠬᠦᠷᠢᠶᠡᠯᠡᠩ᠂ ᠣᠷᠳᠤᠰ ᠬᠣᠲᠠ ᠶ᠋ᠢᠨ ᠳᠠᠩᠰᠠ ᠡᠪᠬᠡᠮᠡᠯ ᠤ᠋ᠨ ᠰᠠᠩ ᠵᠡᠷᠭᠡ ᠭᠠᠵᠠᠷ ᠲᠤ᠌ ᠬᠠᠳᠠᠭᠠᠯᠠᠭᠳᠠᠵᠤ ᠪᠣᠢ᠃ ᠡᠳᠡᠭᠡᠷ ᠳᠠᠩᠰᠠ ᠨᠤᠭᠤᠳ ᠴᠢᠩ ᠤᠯᠤᠰ ᠪᠣᠯᠤᠨ ᠳᠤᠮᠳᠠᠳᠤ ᠢᠷᠭᠡᠨ ᠤᠯᠤᠰ ᠤ᠋ᠨ ᠭᠡᠬᠦ ᠬᠣᠶᠠᠷ ᠲᠡᠦᠬᠡᠨ ᠴᠠᠭ ᠦᠶ᠎ᠡ ᠶ᠋ᠢᠨ ᠬᠠᠩᠭᠢᠨ ᠬᠣᠰᠢᠭᠤ ᠵᠢᠴᠢ ᠶᠡᠬᠡ ᠵᠣᠣ  ᠶ᠋ᠢᠨ ᠴᠢᠭᠤᠯᠭᠠᠨ ᠤ᠋ ᠤᠯᠤᠰ ᠲᠥᠷᠦ᠂ ᠠᠵᠤ ᠠᠬᠤᠢ᠂ ᠴᠡᠷᠢᠭ ᠳᠠᠢᠨ᠂ ᠰᠣᠶᠤᠯ᠂ ᠱᠠᠰᠢᠨ ᠰᠤᠷᠲᠠᠬᠤᠨ᠂ ᠣᠳᠤᠨ ᠣᠷᠤᠨ᠂ ᠵᠢᠷᠤᠬᠠᠢ ᠵᠡᠷᠭᠡ ᠠᠭᠤᠯᠭ᠎ᠠ ᠶ᠋ᠢ ᠬᠠᠮᠤᠷᠤᠭᠰᠠᠨ ᠲᠤᠯᠠ᠂ ᠲᠤᠬᠠᠢ  ᠶ᠋ᠢᠨ ᠦᠶ᠎ᠡ ᠶ᠋ᠢᠨ ᠥᠪᠦᠷ ᠮᠣᠩᠭᠤᠯ  ᠣᠷᠤᠨ ᠤ᠋ ᠲᠡᠦᠬᠡ ᠰᠣᠶᠤᠯ ᠢ᠋ ᠰᠤᠳᠤᠯᠬᠤ ᠦᠨᠡᠲᠦ ᠰᠤᠷᠪᠤᠯᠵᠢ ᠪᠣᠯᠬᠤ ᠶᠤᠮ ᠃ ᠲᠤᠰ ᠨᠣᠮ ᠳ᠋ᠤ᠌ ᠣᠷᠤᠭᠰᠠᠨ ᠳᠠᠩᠰᠠ ᠨᠤᠭᠤᠳ ᠪᠣᠯ ᠡᠮᠦᠨ᠎ᠡ ᠳᠤᠷᠠᠳᠤᠭᠰᠠᠨ ᠭᠤᠷᠪᠠᠨ ᠭᠠᠵᠠᠷ ᠲᠤ᠌ ᠬᠠᠳᠠᠭᠠᠯᠠᠭᠳᠠᠵᠤ ᠪᠠᠢᠭ᠎ᠠ ᠮᠣᠩᠭᠤᠯ ᠳᠠᠩᠰᠠ ᠨᠤᠭᠤᠳ ᠪᠥᠭᠡᠳ ᠲᠡᠭᠦᠨ ᠢ᠋ ᠯᠠᠢᠸᠰᠷ ᠤ᠋ᠨ ᠴᠡᠪᠡᠷᠰᠢᠭᠦᠯᠦᠯ ᠬᠢᠵᠦ ᠭᠡᠷᠡᠯ ᠵᠢᠷᠤᠭ ᠤ᠋ᠨ ᠬᠡᠯᠪᠡᠷᠢ ᠪᠡᠷ ᠬᠡᠪᠯᠡᠭᠦᠯᠪᠡ᠃ᠲᠥᠰᠦᠪᠯᠡᠵᠦ ᠪᠠᠢᠭ᠎ᠠ ᠪᠡᠷ ᠲᠤᠰ ᠳᠠᠩᠰᠠ ᠨᠡᠢᠲᠡ90 ᠪᠣᠳᠢ ᠪᠣᠯᠬᠤ ᠪᠥᠭᠡᠳ ᠣᠳᠣ ᠨᠢᠭᠡᠨᠲᠡ70 ᠪᠣᠳᠢ ᠨᠢ ᠬᠡᠪᠯᠡᠭᠳᠡᠪᠡ᠃《 ᠬᠠᠩᠭᠢᠨ ᠬᠣᠰᠢᠭᠤᠨ ᠤ᠋ ᠵᠠᠰᠠᠭ ᠶᠠᠮᠤᠨ ᠳᠠᠩᠰᠠ》 ᠨᠢ 2013 ᠣᠨ ᠳ᠋ᠤ᠌《ᠥᠪᠦᠷ ᠮᠣᠩᠭᠤᠯ ᠤ᠋ᠨ ᠦᠨᠳᠦᠰᠦᠲᠡᠨ ᠦ᠌ ᠰᠣᠶᠤᠯ ᠤ᠋ᠨ ᠪᠦᠲᠦᠭᠡᠨ ᠪᠠᠢᠭᠤᠯᠤᠯᠲᠠ ᠪᠠ ᠰᠤᠳᠤᠯᠭᠠᠨ  ᠤ᠋ ᠢᠨᠵᠧᠨᠧᠷᠢᠩ》  ᠤ᠋ᠨ ᠰᠡᠳᠦᠪ ᠢ᠋ᠶ᠋ᠡᠷ ᠡᠯᠰᠡᠭᠳᠡᠵᠡᠢ᠃

《 ᠬᠠᠩᠭᠢᠨ ᠬᠣᠰᠢᠭᠤᠨ ᠤ᠋ ᠵᠠᠰᠠᠭ ᠶᠠᠮᠤᠨ ᠤ᠋ ᠳᠠᠩᠰᠠ 》
蒙ICP备17000293号-1 蒙公网安备 15010202150932号