ᠮᠠᠨ ᠤ ᠭᠡᠷᠡᠯ ᠰᠠᠴᠤᠷᠠᠩᠭᠤᠢ ᠰᠣᠶᠣᠯ ᠢ ᠦᠨᠳᠦᠰᠦᠲᠡᠨ ᠨᠦᠭᠦᠳ ᠬᠠᠮᠲᠤ ᠪᠠᠷ ᠡᠭᠦᠳᠦᠨ ᠪᠦᠲᠦᠭᠡᠭᠰᠡᠨ ᠶᠤᠮ᠃ ᠳᠤᠮᠳᠠᠳᠤ ᠶᠢᠨ ᠰᠣᠶᠣᠯ ᠪᠣᠯ ᠦᠨᠳᠦᠰᠦᠲᠡᠨ ᠨᠦᠭᠦᠳ ᠤᠨ ᠰᠣᠶᠣᠯ ᠤᠨ ᠶᠡᠭᠡ ᠬᠤᠷᠠᠮᠳᠤᠯ ᠮᠥᠨ᠃ ᠮᠠᠨ ᠤ ᠤᠯᠤᠰ ᠤᠨ ᠦᠨᠳᠦᠰᠦᠲᠡᠨ ᠨᠦᠭᠦᠳ ᠰᠢᠯᠦᠭᠯᠡᠯᠲᠦ ᠨᠣᠮ᠂ ᠴᠦ᠋ ᠶᠢᠨ ᠤᠶᠠᠩᠭ᠎ᠠ᠂ ᠬᠠᠨ ᠤ ᠮᠠᠭᠲᠠᠭᠤ᠂ ᠲᠠᠩ ᠤᠨ ᠰᠢᠯᠦᠭ᠂ ᠰᠥᠩ ᠤᠨ ᠳᠠᠭᠤᠯᠠᠯ᠂ ᠶᠤᠸᠠᠨ ᠤ ᠳᠠᠭᠤᠷᠢᠯᠢᠭ᠂ ᠮᠢᠩ ᠴᠢᠩ ᠤᠨ ᠦᠯᠢᠭᠡᠷ ᠤᠨ ᠵᠣᠬᠢᠶᠠᠯ ᠵᠡᠷᠭᠡ ᠠᠭᠤᠤ ᠶᠡᠭᠡ ᠪᠦᠲᠦᠭᠡᠯ ᠢ ᠵᠣᠬᠢᠶᠠᠨ ᠪᠦᠲᠦᠭᠡᠵᠦ᠂ ᠭᠡᠰᠡᠷ ᠸᠠᠩ᠂ ᠮᠠᠨᠠᠰ᠂ ᠵᠠᠩᠭᠠᠷ ᠵᠡᠷᠭᠡ ᠰᠡᠳᠬᠢᠯ ᠳᠣᠭᠳᠣᠯᠤᠭᠤᠯᠤᠮ᠎ᠠ ᠠᠭᠤᠤ ᠶᠡᠭᠡ ᠲᠤᠤᠯᠢᠰ ᠢ ᠤᠯᠠᠮᠵᠢᠯᠠᠨ ᠵᠠᠯᠭᠠᠮᠵᠢᠯᠠᠭᠰᠠᠨ ᠪᠠ ᠲᠦᠮᠡᠨ ᠭᠠᠵᠠᠷ ᠤᠨ ᠤᠷᠲᠤ ᠴᠠᠭᠠᠨ ᠬᠡᠷᠡᠮ᠂ ᠳ᠋ᠦ᠋ ᠵᠢᠶᠠᠩ ᠶᠠᠨ ᠬᠠᠰᠢᠯᠭ᠎ᠠ᠂ ᠶᠡᠭᠡ ᠲᠠᠲᠠᠮᠠᠯ ᠭᠤᠣᠯ᠂ ᠬᠠᠭᠠᠨ ᠤ ᠣᠷᠳᠣᠨ᠂ ᠪᠣᠳᠠᠯᠠ ᠣᠷᠳᠣᠨ᠂ ᠳᠠᠯᠳᠠ ᠰᠤᠪᠠᠭᠲᠤ ᠬᠤᠳᠳᠤᠭ ᠵᠡᠷᠭᠡ ᠠᠭᠤᠤ ᠶᠡᠭᠡ ᠢᠨᠵᠧᠨᠧᠷᠢᠩ ᠢ ᠪᠦᠲᠦᠭᠡᠨ ᠪᠠᠢᠭᠤᠯᠤᠭᠰᠠᠨ ᠶᠤᠮ᠃
— ᠶᠡᠷᠦᠩᠬᠡᠢ ᠱᠦᠵᠢ ᠰᠢ ᠶᠢᠨ ᠫᠢᠩ ᠤᠨ 2019 ᠣᠨ ᠤ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠬᠢᠭᠦᠯᠦᠨ ᠰᠠᠢᠰᠢᠶᠠᠬᠤ ᠬᠤᠷᠠᠯ ᠳᠡᠭᠡᠷᠡᠬᠢ ᠶᠠᠷᠢᠶ᠎ᠠ
ᠰᠦ ᠲᠠᠢ ᠴᠠᠢ ᠶᠢᠨ ᠦᠨᠦᠷ ᠬᠠᠩᠬᠤᠯᠤᠭᠰᠠᠨ ᠮᠣᠩᠭᠤᠯ ᠭᠡᠷ ᠲᠤ ᠮᠣᠩᠭᠤᠯ ᠦᠨᠳᠦᠰᠦᠲᠡᠨ ᠤ ᠤᠯᠠᠮᠵᠢᠯᠠᠯᠲᠤ ᠬᠥᠭᠵᠢᠮ ᠪᠣᠯᠬᠤ ᠲᠣᠪᠰᠢᠭᠤᠷ ᠢ ᠬᠥᠭᠵᠢᠮᠳᠡᠭᠰᠡᠨ ᠨᠢᠭᠡᠨ ᠨᠠᠰᠤᠲᠠᠨ᠂ ᠬᠦᠩᠭᠢᠨᠡᠮ᠎ᠡ ᠬᠤᠭᠤᠯᠠᠢ ᠪᠠᠷ ᠬᠥᠭᠵᠢᠮ ᠬᠠᠪᠰᠤᠷᠭᠠᠨ ᠬᠠᠢᠯᠠᠨ ᠳᠠᠭᠤᠯᠠᠨ᠎ᠠ᠃ ᠡᠨᠡ ᠨᠢ ᠵᠠᠩᠭᠠᠷ ᠤᠨ ᠬᠥᠮᠦᠨ ᠤ ᠶᠢᠷᠲᠢᠨᠴᠦ ᠳᠤ ᠮᠡᠨᠳᠦᠯᠡᠭᠰᠡᠨ ᠠᠴᠠ ᠡᠬᠢᠯᠡᠨ ᠠᠷᠰᠯᠠᠨ ᠪᠠᠭᠠᠲᠤᠷᠴᠤᠳ ᠢᠶᠠᠨ ᠳᠠᠭᠠᠭᠤᠯᠤᠨ ᠮᠠᠩᠭᠤᠰ ᠢ ᠳᠠᠷᠤᠵᠤ ᠪᠤᠮᠪᠠ ᠶᠢᠨ ᠣᠷᠣᠨ ᠢᠶᠠᠨ ᠪᠦᠲᠦᠭᠡᠨ ᠪᠠᠢᠭᠤᠯᠤᠭᠰᠠᠨ ᠦᠯᠢᠭᠡᠷ ᠢ ᠮᠠᠭᠲᠠᠨ ᠳᠠᠭᠤᠯᠠᠨ᠎ᠠ᠂ ᠬᠠᠢᠯᠠᠨ ᠳᠠᠭᠤᠯᠠᠬᠤ ᠳᠤ ᠬᠥᠭ ᠠᠢᠵᠠᠮ ᠨᠢ ᠵᠠᠷᠢᠮ ᠳᠤ ᠪᠠᠨ ᠣᠭᠵᠣᠮ ᠳᠣᠯᠭᠢᠨ ᠵᠠᠷᠢᠮ ᠳᠤ ᠪᠠᠨ ᠤᠶᠠᠨ ᠵᠥᠭᠡᠯᠡᠨ ᠪᠠᠢᠪᠠ᠃ ᠲᠣᠭᠤᠷᠢᠨ ᠰᠠᠭᠤᠭᠰᠠᠨ ᠡᠷᠡᠭᠲᠡᠢ ᠡᠮᠡᠭᠲᠡᠢ ᠬᠥᠭᠰᠢᠨ ᠵᠠᠯᠠᠭᠤ ᠭᠡᠰᠡᠨ ᠦᠭᠡᠢ ᠪᠦᠭᠦᠳᠡᠭᠡᠷ ᠢᠶᠠᠨ ᠨᠠᠰᠤᠲᠠᠨ ᠤ ᠬᠠᠢᠯᠠᠵᠤ ᠪᠠᠢᠭ᠎ᠠ ᠲᠤᠤᠯᠢ ᠶᠢᠨ ᠳᠠᠯᠠᠢ ᠳᠤ ᠱᠤᠮᠪᠠᠭᠠᠳ ᠵᠠᠷᠢᠮ ᠳᠤ ᠪᠠᠨ ᠪᠠᠭᠠᠲᠤᠷ ᠤᠨ ᠤᠴᠠᠷᠠᠯ ᠳᠤ ᠤᠶᠠᠷᠠᠨ ᠨᠢᠯᠪᠤᠰᠤ ᠤᠨᠠᠭᠠᠵᠤ᠂ ᠵᠠᠷᠢᠮ ᠳᠤ ᠪᠠᠨ ᠪᠠᠭᠠᠲᠤᠷ ᠤᠨ ᠢᠯᠠᠯᠲᠠ ᠳᠤ ᠬᠥᠭᠰᠡᠨ ᠤᠷᠠᠢ ᠬᠠᠰᠭᠢᠷᠤᠨ᠎ᠠ ᠁ ᠡᠨᠡ ᠪᠣᠯ ᠰᠢᠨᠵᠢᠶᠠᠩ ᠤᠨ ᠠᠯᠲᠠᠢ ᠶᠢᠨ ᠲᠠᠯ᠎ᠠ ᠨᠤᠲᠤᠭ ᠲᠤ 《ᠵᠠᠩᠭᠠᠷ》 ᠤᠨ ᠲᠤᠤᠯᠢ ᠶᠢ ᠤᠯᠠᠮᠵᠢᠯᠠᠨ ᠬᠠᠢᠯᠠᠵᠤ ᠪᠠᠢᠭ᠎ᠠ ᠠᠬᠤᠢ ᠦᠵᠡᠭᠳᠡᠯ ᠪᠣᠯᠬᠤ ᠮᠥᠷᠲᠡᠭᠡᠨ ᠵᠠᠭᠤ ᠮᠢᠩᠭᠠᠨ ᠵᠢᠯ ᠢᠶᠠᠷ ᠡᠨᠡ ᠬᠦ ᠨᠤᠲᠤᠭ ᠲᠤ ᠳᠠᠬᠢᠨ ᠳᠠᠪᠲᠠᠨ ᠲᠣᠭᠯᠠᠭᠳᠠᠭᠰᠠᠨ ᠠᠬᠤᠢ ᠦᠵᠡᠭᠳᠡᠯ ᠪᠣᠯᠣᠨ᠎ᠠ᠃
ᠮᠣᠩᠭᠤᠯ ᠦᠨᠳᠦᠰᠦᠲᠡᠨ ᠤ ᠠᠯᠳᠠᠷᠲᠤ ᠪᠠᠭᠠᠲᠤᠷᠯᠢᠭ ᠲᠤᠤᠯᠢ 《ᠵᠠᠩᠭᠠᠷ》 ᠪᠣᠯ ᠶᠠᠭ ᠯᠠ ᠠᠯᠲᠠᠢ ᠠᠭᠤᠯᠠᠨ ᠠᠴᠠ ᠡᠬᠢ ᠠᠪᠤᠭᠰᠠᠨ ᠭᠤᠣᠯ ᠮᠥᠷᠡᠨ ᠮᠡᠲᠦ᠂ ᠠᠯᠢ ᠡᠷᠲᠡᠨ ᠤ ᠠᠯᠤᠰ ᠲᠡᠷᠲᠡᠭᠡ ᠠᠴᠠ ᠳᠣᠯᠭᠢᠶᠠᠯᠠᠨ ᠤᠷᠤᠰᠴᠤ᠂ ᠲᠤᠬᠠᠢ ᠶᠢᠨ ᠭᠠᠵᠠᠷ ᠤᠨ ᠮᠣᠩᠭᠤᠯ ᠦᠨᠳᠦᠰᠦᠲᠡᠨ ᠤ ᠥᠬᠢᠳ ᠬᠥᠪᠡᠭᠦᠳ ᠤᠨ ᠣᠶᠣᠨ ᠤᠬᠠᠭᠠᠨ ᠢ ᠦᠶ᠎ᠡ ᠳᠠᠮᠵᠢᠨ ᠤᠮᠳᠠᠯᠠᠨ ᠰᠢᠮᠡᠵᠢᠭᠦᠯᠦᠭᠰᠡᠭᠡᠷ ᠢᠷᠠᠵᠠᠢ᠃ 《ᠵᠠᠩᠭᠠᠷ》 ᠤᠨ ᠲᠤᠤᠯᠢ ᠳᠤ ᠵᠠᠩᠭᠠᠷ ᠢᠶᠠᠷ ᠠᠬᠠᠯᠠᠭᠤᠯᠤᠭᠰᠠᠨ 12 ᠠᠷᠰᠯᠠᠨ ᠪᠠᠭᠠᠲᠤᠷ ᠪᠣᠯᠣᠨ ᠬᠡᠳᠦᠨ ᠮᠢᠩᠭᠠᠨ ᠡᠷᠡᠯᠬᠡᠭ ᠳᠠᠢᠴᠢᠳ ᠪᠤᠮᠪᠠ ᠶᠢᠨ ᠣᠷᠣᠨ ᠢᠶᠠᠨ ᠬᠠᠮᠠᠭᠠᠯᠠᠬᠤ ᠶᠢᠨ ᠲᠥᠯᠥᠭᠡ᠂ ᠭᠠᠵᠢᠭᠤ ᠡᠲᠡᠭᠡᠳ ᠪᠤᠷᠤᠭᠤ ᠨᠣᠮᠲᠠᠳ ᠲᠠᠢ ᠬᠠᠲᠠᠭᠤᠵᠢᠯᠲᠠᠢ ᠲᠡᠮᠡᠴᠡᠭᠰᠡᠨ ᠪᠠ ᠳᠠᠢᠰᠦᠨ ᠢᠶᠠᠨ ᠳᠠᠷᠤᠵᠤ ᠳᠠᠷᠬᠠᠨ ᠴᠣᠯᠠ ᠪᠠᠨ ᠮᠠᠨᠳᠤᠭᠤᠯᠤᠭᠰᠠᠨ ᠦᠯᠢᠭᠡᠷ ᠢ ᠲᠣᠭᠠᠴᠢᠵᠤ᠂ ᠮᠣᠩᠭᠤᠯ ᠦᠨᠳᠦᠰᠦᠲᠡᠨ ᠤ ᠠᠷᠠᠳ ᠲᠦᠮᠡᠨ ᠤ ᠰᠠᠢᠨ ᠰᠠᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠢ ᠲᠤᠰᠬᠠᠵᠤ ᠪᠠᠭᠠᠲᠤᠷᠯᠢᠭ ᠦᠵᠡᠯ ᠪᠣᠯᠣᠨ ᠬᠦᠰᠡᠬᠦᠶᠢᠴᠢ ᠦᠵᠡᠯ ᠤᠨ ᠥᠩᠭᠡ ᠪᠣᠳᠤᠭ ᠢᠶᠠᠷ ᠪᠢᠯᠬᠠᠮ᠎ᠠ ᠪᠠᠢᠳᠠᠭ᠃
ᠣᠯᠠᠩᠬᠢ ᠡᠷᠳᠡᠮᠲᠡᠳ 《ᠵᠠᠩᠭᠠᠷ》 ᠢ ᠬᠠᠮᠤᠭ ᠤᠨ ᠡᠷᠲᠡ ᠳᠤ ᠪᠠᠨ 13 ᠳ᠋ᠤᠭᠠᠷ ᠵᠠᠭᠤᠨ ᠤ ᠦᠶ᠎ᠡ ᠳᠤ ᠡᠭᠦᠰᠦᠯ᠎ᠡ ᠭᠡᠵᠦ ᠦᠵᠡᠳᠡᠭ᠃ 《ᠵᠠᠩᠭᠠᠷ》 ᠨᠢ ᠡᠯᠪᠡᠭ ᠪᠠᠶᠠᠯᠢᠭ ᠨᠡᠢᠭᠡᠮ᠂ ᠲᠡᠦᠬᠡ᠂ ᠰᠣᠶᠣᠯ ᠤᠨ ᠠᠭᠤᠯᠭ᠎ᠠ ᠪᠣᠯᠣᠨ ᠭᠠᠷᠮᠠᠭᠠᠢ ᠤᠷᠠᠯᠢᠭ ᠤᠨ ᠠᠮᠵᠢᠯᠲᠠ ᠪᠠᠷ ᠢᠶᠠᠨ ᠮᠣᠩᠭᠤᠯ ᠦᠨᠳᠦᠰᠦᠲᠡᠨ ᠤ ᠨᠡᠢᠭᠡᠮ ᠤᠨ ᠬᠥᠭᠵᠢᠯᠲᠡ ᠶᠢᠨ ᠲᠡᠦᠬᠡ᠂ ᠦᠵᠡᠯ ᠰᠠᠨᠠᠭᠠᠨ ᠤ ᠲᠡᠦᠬᠡ᠂ ᠰᠣᠶᠣᠯ ᠤᠨ ᠲᠡᠦᠬᠡ᠂ ᠤᠷᠠᠨ ᠵᠣᠬᠢᠶᠠᠯ ᠤᠨ ᠲᠡᠦᠬᠡᠨ ᠳᠤ ᠴᠢᠬᠤᠯᠠ ᠪᠠᠶᠢᠷᠢ ᠰᠠᠭᠤᠷᠢ ᠶᠢ ᠡᠵᠡᠯᠡᠵᠦ᠂ 《ᠭᠡᠰᠡᠷ》᠂ 《ᠮᠠᠨᠠᠰ》 ᠲᠠᠢ ᠬᠠᠮᠲᠤ ᠳᠤ ᠪᠠᠨ 《ᠳᠤᠮᠳᠠᠳᠤ ᠤᠯᠤᠰ ᠤᠨ ᠴᠥᠭᠡᠨ ᠲᠣᠭᠠᠲᠤ ᠦᠨᠳᠦᠰᠦᠲᠡᠨ ᠤ ᠭᠤᠷᠪᠠᠨ ᠶᠡᠭᠡ ᠲᠤᠤᠯᠢ》 ᠬᠡᠮᠡᠭᠳᠡᠭᠰᠡᠨ ᠶᠤᠮ᠃
ᠠᠬᠤᠢ ᠲᠠᠯᠠᠪᠠᠢ ᠳᠤ ᠤᠷᠭᠤᠭ᠎ᠠ ᠬᠠᠢᠯᠠᠬᠤ ᠪᠣᠯᠣᠨ ᠠᠭᠤᠰᠤᠯᠴᠠᠨ ᠨᠠᠷᠭᠢᠯᠳᠤᠬᠤ ᠨᠢ ᠠᠮᠠᠨ ᠲᠤᠤᠯᠢ ᠶᠢᠨ ᠬᠠᠮᠤᠭ ᠠᠴᠠ ᠬᠦᠮᠦᠨ ᠤ ᠰᠡᠳᠬᠢᠯ ᠢ ᠬᠥᠳᠡᠯᠭᠡᠮ᠎ᠡ ᠣᠨᠴᠠᠯᠢᠭ ᠨᠢ ᠶᠤᠮ᠃ 《ᠵᠠᠩᠭᠠᠷ》 ᠤᠨ ᠤᠷᠲᠤ ᠤᠳᠠᠭᠠᠨ ᠤᠯᠠᠮᠵᠢᠯᠠᠯ ᠤᠨ ᠶᠠᠪᠤᠴᠠ ᠳᠤ᠂ ᠵᠠᠩᠭᠠᠷᠴᠢᠳ ᠨᠤᠲᠤᠭ ᠲᠣᠭᠤᠷᠢᠨ ᠬᠠᠢᠯᠠᠬᠤ ᠳᠤ ᠪᠠᠨ ᠲᠠᠰᠤᠷᠠᠯᠲᠠ ᠦᠭᠡᠢ ᠪᠣᠯᠪᠠᠰᠤᠷᠠᠭᠤᠯᠬᠤ᠂ ᠨᠠᠢᠷᠠᠭᠵᠢᠭᠤᠯᠬᠤ ᠪᠣᠯᠣᠨ ᠰᠢᠨᠡᠴᠢᠯᠡᠬᠦ ᠪᠠᠷ ᠳᠠᠮᠵᠢᠭᠠᠳ ᠲᠤᠤᠯᠢ ᠶᠢᠨ ᠠᠭᠤᠯᠭ᠎ᠠ ᠶᠢ ᠨᠢ ᠢᠳᠡᠭ ᠢᠳᠡᠭ ᠢᠶᠠᠷ ᠪᠠᠶᠠᠯᠢᠭᠵᠢᠭᠤᠯᠵᠤ᠂ ᠬᠠᠭᠤᠳᠠᠰᠤ ᠬᠡᠮᠵᠢᠶ᠎ᠡ ᠶᠢ ᠨᠢ ᠲᠠᠰᠤᠷᠠᠯᠲᠠ ᠦᠭᠡᠢ ᠨᠡᠮᠡᠭᠳᠡᠭᠦᠯᠦᠭᠰᠡᠭᠡᠷ ᠢᠷᠠᠵᠠᠢ᠂ ᠡᠳᠦᠭᠡ ᠪᠣᠯᠲᠠᠯ᠎ᠠ᠂ ᠤᠯᠤᠰ ᠤᠨ ᠳᠣᠲᠣᠭᠠᠳᠤ ᠭᠠᠳᠠᠭᠠᠳᠤ ᠳᠤ ᠨᠢᠭᠡᠨᠲᠡ 60 ᠭᠠᠷᠤᠢ ᠪᠦᠯᠦᠭ 10 ᠲᠦᠮᠡ ᠣᠷᠴᠢᠮ ᠮᠥᠷ ᠰᠢᠯᠦᠭ ᠴᠤᠭᠯᠠᠭᠤᠯᠵᠤ ᠣᠯᠣᠭᠠᠳ ᠪᠣᠢ᠃ ᠠᠮᠢᠳᠤᠯᠢᠭ ᠢᠶᠠᠷ ᠤᠯᠠᠮᠵᠢᠯᠠᠬᠤ ᠪᠠ ᠬᠠᠢᠯᠠᠨ ᠲᠣᠭᠯᠠᠬᠤ ᠨᠢ ᠮᠣᠩᠭᠤᠯ ᠦᠨᠳᠦᠰᠦᠲᠡᠨ ᠤ ᠡᠬᠡ ᠪᠠᠢᠭᠠᠯᠢ ᠶᠢᠨ ᠲᠤᠬᠠᠢ ᠦᠵᠡᠯᠲᠡ ᠲᠠᠨᠢᠯᠲᠠ᠂ ᠶᠢᠷᠲᠢᠨᠴᠦ ᠶᠢᠨ ᠲᠤᠬᠠᠢ ᠬᠠᠢᠯᠲᠠ ᠰᠦᠪᠡᠭᠴᠢᠯᠡᠯ᠂ ᠬᠥᠮᠦᠨ ᠤ ᠠᠮᠢᠳᠤᠷᠠᠯ ᠤᠨ ᠲᠤᠬᠠᠢ ᠣᠢᠯᠠᠭᠠᠯᠲᠠ ᠲᠥᠷᠥᠭᠳᠡᠯ ᠢ ᠠᠴᠢᠶᠠᠯᠠᠵᠤ᠂ ᠨᠢᠭᠡ ᠦᠨᠳᠦᠰᠦᠲᠡᠨ ᠤ ᠲᠡᠦᠬᠡ ᠶᠢᠨ ᠲᠥᠷᠥᠭᠳᠡᠯ ᠰᠠᠭᠤᠭᠳᠠᠯ᠂ ᠲᠤᠷᠰᠢᠯᠭ᠎ᠠ ᠰᠤᠷᠭᠠᠮᠵᠢ ᠪᠣᠯᠣᠨ ᠬᠠᠢᠷ᠎ᠠ ᠰᠡᠳᠬᠢᠯᠭᠡ᠂ ᠰᠢᠯᠦᠭ ᠨᠠᠢᠷᠠᠭᠲᠦ ᠣᠢ ᠤᠬᠠᠭᠠᠨ᠂ ᠰᠣᠶᠣᠯ ᠤᠨ ᠤᠳᠤᠮᠰᠢᠯ ᠤᠨ ᠶᠡᠭᠡ ᠬᠤᠷᠠᠮᠳᠤᠯ ᠪᠣᠯᠣᠨ᠎ᠠ᠃
ᠰᠢᠨᠵᠢᠶᠠᠩ ᠤᠨ ᠲᠠᠷᠪᠠᠭᠠᠲᠠᠢ ᠣᠷᠣᠨ ᠤ ᠬᠣᠪᠤᠭᠰᠠᠢᠷ ᠮᠣᠩᠭᠤᠯ ᠦᠪᠡᠷᠲᠡᠭᠡᠨ ᠵᠠᠰᠠᠬᠤ ᠰᠢᠶᠠᠨ ᠪᠣᠯ 《ᠵᠠᠩᠭᠠᠷ》 ᠤᠨ ᠲᠤᠤᠯᠢ ᠶᠢᠨ ᠡᠭᠦᠰᠦᠯ ᠤᠨ ᠣᠷᠣᠨ ᠪᠣᠯᠣᠨ᠎ᠠ᠃ ᠠᠷᠠᠳ ᠤᠨ ᠤᠷᠠᠯᠢᠭᠴᠢᠳ ᠤᠨ ᠬᠠᠢᠯᠠᠭᠰᠠᠨ 《ᠵᠠᠩᠭᠠᠷ》 ᠨᠢ ᠵᠠᠭᠤ ᠮᠢᠩᠭᠠᠨ ᠵᠢᠯ ᠤᠨ ᠲᠤᠷᠰᠢ ᠬᠥᠮᠥᠰ ᠤᠨ ᠴᠢᠬᠢᠨ᠎ᠡ ᠳᠠᠭᠤᠷᠢᠰᠤᠭᠰᠠᠭᠠᠷ ᠢᠷᠡᠵᠡᠢ᠃ 《ᠵᠠᠩᠭᠠᠷ》 ᠬᠠᠢᠯᠠᠳᠠᠭ ᠬᠥᠮᠦᠨ ᠢ ᠵᠠᠩᠭᠠᠷᠴᠢ ᠬᠡᠮᠡᠨ ᠨᠡᠷᠡᠢᠳᠳᠡᠭ᠃ ᠣᠳᠣᠬᠠᠨ ᠳᠤ᠂ ᠵᠠᠯᠠᠭᠤ ᠵᠠᠩᠭᠠᠷᠴᠢᠳ ᠥᠩᠭᠡᠷᠡᠭᠰᠡᠨ ᠤ ᠬᠥᠮᠥᠰ ᠤᠨ ᠥᠪᠯᠡᠨ ᠦᠯᠡᠳᠡᠭᠡᠭᠰᠡᠨ ᠰᠢᠯᠦᠭ ᠨᠠᠢᠷᠠᠭ ᠢ ᠵᠠᠯᠭᠠᠮᠵᠢᠯᠠᠵᠤ ᠠᠪᠤᠭᠠᠳ ᠨᠠᠩ ᠬᠤᠵᠢᠮ ᠬᠤᠯᠠ ᠳᠤ ᠤᠯᠠᠮᠵᠢᠯᠠᠨ ᠬᠠᠢᠯᠠᠭᠰᠠᠭᠠᠷ ᠪᠠᠢᠨ᠎ᠠ᠃ ᠳᠣᠷᠵᠢᠨᠢᠮᠠ ᠪᠣᠯ ᠤᠳᠤᠮᠲᠤ ᠵᠠᠩᠭᠠᠷᠴᠢ ᠶᠢᠨ ᠭᠡᠷ ᠪᠦᠯᠢ ᠳᠤ ᠲᠥᠷᠥᠵᠦ ᠥᠰᠦᠭᠰᠡᠨ ᠮᠣᠩᠭᠤᠯ ᠵᠠᠯᠠᠭᠤ᠂ ᠤᠯᠤᠰ ᠤᠨ ᠳᠠᠰ ᠤᠨ ᠪᠣᠳᠠᠰ ᠤᠨ ᠪᠤᠰᠤ ᠰᠣᠶᠣᠯ ᠤᠨ ᠲᠥᠷᠥᠯ ᠵᠦᠢᠯ ᠪᠣᠯᠬᠤ ᠵᠠᠩᠭᠠᠷ ᠤᠨ ᠥᠪᠯᠡᠨ ᠤᠯᠠᠮᠵᠢᠯᠠᠭᠴᠢ ᠵᠠ᠊· ᠵᠤᠤᠨᠠᠢ ᠶᠢᠨ ᠠᠴᠢ ᠬᠦᠪᠡᠭᠦᠨ ᠨᠢ ᠪᠣᠯᠣᠨ᠎ᠠ᠃ ᠲᠡᠭᠦᠨ ᠤ ᠪᠠᠢᠭ᠎ᠠ 《ᠳᠠᠯᠠᠨ ᠲᠣᠪᠴᠢ》 ᠬᠠᠮᠲᠤᠯᠢᠭ ᠨᠢ《ᠵᠠᠩᠭᠠᠷ》 ᠢ ᠬᠠᠢᠯᠠᠬᠤ ᠳᠤ ᠪᠠᠨ ᠣᠳᠣ ᠴᠠᠭ ᠤᠨ ᠳᠠᠭᠤᠤ ᠬᠥᠭᠵᠢᠮ ᠤᠨ ᠡᠯᠧᠮᠧᠨ᠋ᠲ ᠲᠠᠢ ᠤᠶᠠᠯᠳᠤᠭᠤᠯᠤᠨ ᠬᠥᠮᠡᠢ᠂ ᠲᠤᠸᠠ ᠬᠡᠩᠭᠡᠷᠭᠡ᠂ ᠮᠣᠷᠢᠨ ᠬᠤᠭᠤᠷ ᠵᠡᠷᠭᠡ ᠲᠠᠢ ᠠᠭᠤᠰᠤᠯᠴᠠᠭᠤᠯᠤᠭᠠᠳ ᠤᠯᠤᠰ ᠤᠨ ᠳᠣᠲᠣᠭᠠᠳᠤ ᠭᠠᠳᠠᠭᠠᠳᠤ ᠶᠢᠨ ᠤᠷᠠᠯᠢᠭ ᠤᠨ ᠬᠥᠳᠡᠯᠭᠡᠭᠡᠨ ᠳᠤ ᠦᠷᠭᠦᠯᠵᠢ ᠤᠷᠢᠭᠳᠠᠨ ᠣᠷᠣᠯᠴᠠᠳᠠᠭ᠃ ᠣᠮᠤᠭ ᠵᠢᠪᠬᠤᠭᠠᠯᠢᠭ ᠬᠥᠭ ᠠᠶᠠᠰ᠂ ᠬᠦᠷ ᠬᠥᠭᠵᠢᠶᠡᠨᠲᠦ ᠮᠣᠷᠢᠨ ᠬᠤᠭᠤᠷ ᠤᠨ ᠡᠭᠡᠰᠢᠭ᠂ ᠡᠭᠡᠰᠢᠭᠲᠦ ᠤᠶᠠᠷᠠᠭᠤᠨ ᠬᠦᠮᠡᠢ᠂ ᠤᠶᠠᠷᠠᠭᠤᠨ ᠰᠠᠢᠬᠠᠨ ᠬᠠᠢᠯᠠᠯᠭ᠎ᠠ ᠨᠢ ᠰᠣᠨᠣᠰᠣᠭᠴᠢᠳ ᠢ ᠶᠠᠭᠠᠬᠢᠬᠤ ᠶᠢᠨ ᠠᠷᠭ᠎ᠠ ᠦᠭᠡᠢ ᠬᠥᠬᠡ ᠣᠭᠲᠠᠷᠭᠤᠢ ᠳᠤ ᠨᠢ ᠬᠥᠪᠥᠩ ᠡᠭᠦᠯᠡᠰ ᠴᠠᠶᠢᠯᠵᠠᠭᠰᠠᠨ ᠥᠷᠭᠡᠨ ᠠᠭᠤᠳᠠᠮ ᠲᠠᠯ᠎ᠠ ᠨᠤᠲᠤᠭ ᠲᠤ ᠰᠠᠭᠠᠲᠠᠵᠤ ᠪᠠᠢᠭ᠎ᠠ ᠰᠢᠭ᠋ ᠪᠣᠯᠭᠠᠳᠠᠭ ᠪᠢᠯᠡ᠃
ᠮᠠᠨ ᠤ ᠨᠠᠮ ᠦᠨᠳᠦᠰᠦᠲᠡᠨ ᠨᠦᠭᠦᠳ ᠤᠨ ᠰᠢᠯᠢᠳᠡᠭ ᠤᠯᠠᠮᠵᠢᠯᠠᠯᠲᠤ ᠰᠣᠶᠣᠯ ᠢ ᠬᠠᠮᠠᠭᠠᠯᠠᠬᠤ ᠪᠠ ᠤᠯᠠᠮᠵᠢᠯᠠᠬᠤ ᠶᠢ ᠲᠡᠦᠬᠡᠨ ᠠᠴᠠ ᠪᠠᠨ ᠠᠪᠤᠭᠠᠳ ᠬᠦᠨᠳᠦᠳᠬᠡᠭᠰᠡᠭᠡᠷ ᠢᠷᠠᠵᠠᠢ᠃1950 ᠣᠨ ᠳᠤ᠂ ᠱᠠᠩ ᠦ᠋ ᠨᠣᠮ ᠳᠠᠷᠤᠮᠠᠯᠯᠠᠬᠤ ᠣᠷᠳᠣᠨ ᠤ ᠬᠡᠪᠯᠡᠭᠦᠯᠦᠭᠰᠡᠨ《ᠬᠤᠩᠭᠤᠷ》ᠭᠡᠬᠦ ᠨᠣᠮ ᠪᠣᠯ ᠮᠠᠨ ᠤ ᠤᠯᠤᠰ ᠤᠨ ᠠᠩᠬᠠᠳᠠᠭᠴᠢ ᠤᠳᠠᠭ᠎ᠠ ᠬᠡᠪᠯᠡᠭᠦᠯᠦᠭᠰᠡᠨ《ᠵᠠᠩᠭᠠᠷ》 ᠤᠨ ᠬᠡᠰᠡᠭ ᠠᠭᠤᠯᠭ᠎ᠠ ᠶᠢ ᠬᠢᠲᠠᠳ ᠢᠶᠠᠷ ᠥᠭᠡᠷᠡᠴᠢᠯᠡᠨ ᠪᠢᠴᠢᠭᠰᠡᠨ ᠳᠡᠪᠲᠡᠷ ᠪᠣᠯᠣᠨ᠎ᠠ᠃1958 ᠣᠨ ᠳᠤ᠂ ᠥᠪᠥᠷ ᠮᠣᠩᠭᠤᠯ ᠤᠨ ᠠᠷᠠᠳ ᠤᠨ ᠬᠡᠪᠯᠡᠯ ᠤᠨ ᠬᠤᠷᠢᠶ᠎ᠠ 《13 ᠪᠦᠯᠦᠭᠲᠦ ᠳᠡᠪᠲᠡᠷ》ᠬᠡᠮᠡᠭᠳᠡᠭᠰᠡᠨ ᠠᠩᠬᠠᠳᠠᠭᠴᠢ ᠵᠢᠩᠬᠢᠨᠢ ᠬᠡᠪᠯᠡᠯ ᠤᠨ 《ᠵᠠᠩᠭᠠᠷ》 ᠢ ᠬᠡᠪᠯᠡᠭᠦᠯᠵᠡᠢ᠂ ᠲᠤᠰ ᠬᠡᠪᠯᠡᠯ ᠨᠢ 《ᠵᠠᠩᠭᠠᠷ》 ᠢ ᠤᠯᠠᠮᠵᠢᠯᠠᠨ ᠳᠡᠯᠭᠡᠷᠡᠭᠦᠯᠬᠦ ᠳᠤ ᠶᠡᠬᠡᠬᠡᠨ ᠲᠦᠯᠬᠢᠴᠡ ᠦᠢᠯᠡᠳᠦᠯ ᠦᠵᠡᠭᠦᠯᠵᠡᠢ᠃1980 ᠣᠨ ᠳᠤ᠂ ᠮᠠᠨ ᠤ ᠤᠯᠤᠰ 《ᠵᠠᠩᠭᠠᠷ》 ᠢ ᠡᠮᠬᠢᠳᠬᠡᠨ ᠴᠤᠭᠯᠠᠭᠤᠯᠬᠤ ᠤᠳᠤᠷᠢᠳᠬᠤ ᠳᠤᠭᠤᠢᠯᠠᠩ ᠪᠣᠯᠣᠨ ᠠᠵᠢᠯ ᠤᠨ ᠳᠤᠭᠤᠢᠯᠠᠩ ᠪᠠᠢᠭᠤᠯᠵᠤ᠂ 《ᠵᠠᠩᠭᠠᠷ》 ᠢ ᠶᠡᠭᠡ ᠬᠡᠪᠴᠢᠶ᠎ᠡ ᠪᠠᠷ ᠴᠤᠭᠯᠠᠭᠤᠯᠬᠤ ᠪᠠ ᠲᠡᠮᠳᠡᠭᠯᠡᠬᠦ ᠠᠵᠢᠯ ᠢ ᠵᠢᠩᠬᠢᠨᠢ ᠪᠠᠷ ᠡᠬᠢᠯᠡᠭᠦᠯᠪᠡ᠃1991 ᠣᠨ ᠳᠤ᠂ ᠳᠤᠮᠳᠠᠳᠤ ᠤᠯᠤᠰ ᠤᠨ ᠵᠠᠩᠭᠠᠷ ᠤᠨ ᠰᠤᠳᠤᠯᠭᠠᠨ ᠤ ᠨᠡᠢᠭᠡᠮᠯᠢᠭ ᠦᠷᠦᠮᠴᠢ ᠬᠤᠲᠠᠨ᠎ᠠ ᠪᠠᠢᠭᠤᠯᠤᠭᠳᠠᠪᠠ᠃ 2006 ᠣᠨ ᠳᠤ᠂ ᠨᠢᠭᠡᠳᠦᠭᠡᠷ ᠪᠦᠯᠦᠭ ᠤᠨ ᠤᠯᠤᠰ ᠤᠨ ᠳᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠨᠡᠷᠡᠰ ᠤᠨ ᠪᠦᠷᠢᠳᠬᠡᠯ ᠳᠤ 《ᠵᠠᠩᠭᠠᠷ》 ᠤᠯᠤᠰ ᠤᠨ ᠶᠠᠪᠤᠳᠠᠯ ᠤᠨ ᠬᠤᠷᠢᠶ᠎ᠠ ᠪᠠᠷ ᠵᠥᠪᠰᠢᠶᠡᠷᠡᠭᠦᠯᠦᠨ ᠵᠢᠭᠰᠠᠭᠠᠭᠳᠠᠪᠠ᠃ ᠲᠤᠰ ᠵᠢᠯ ᠤᠨ 9 ᠳ᠋ᠦ᠋ᠭᠡᠷ ᠰᠠᠷ᠎ᠠ ᠳᠤ᠂ 《ᠵᠠᠩᠭᠠᠷ》 ᠤᠨ ᠲᠤᠤᠯᠢ ᠶᠢᠨ ᠣᠯᠠᠨ ᠤᠯᠤᠰ ᠤᠨ ᠰᠤᠳᠤᠯᠤᠨ ᠶᠠᠷᠢᠯᠴᠠᠬᠤ ᠬᠤᠷᠠᠯ ᠰᠢᠨᠵᠢᠶᠠᠩ ᠳᠤ ᠬᠤᠷᠠᠯᠳᠤᠪᠠ᠃ ᠵᠠᠩᠭᠠᠷ ᠰᠣᠶᠣᠯ ᠢ ᠤᠯᠠᠮ ᠰᠠᠢᠨ ᠠᠭᠤᠳᠠᠯᠵᠤ ᠰᠤᠳᠤᠯᠬᠤ ᠶᠢᠨ ᠲᠥᠯᠥᠭᠡ ᠳᠤᠮᠳᠠᠳᠤ ᠤᠯᠤᠰ ᠤᠨ ᠨᠡᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠰᠢᠨᠵᠢᠶᠠᠩ ᠳᠤ ᠬᠡᠭᠡᠷ᠎ᠡ ᠶᠢᠨ ᠪᠠᠢᠴᠠᠭᠠᠯᠲᠠ ᠶᠢᠨ ᠰᠠᠭᠤᠷᠢᠨ ᠭᠠᠵᠠᠷ ᠢ ᠪᠠᠢᠭᠤᠯᠤᠭᠰᠠᠨ ᠶᠤᠮ᠃
ᠲᠤᠤᠯᠢ ᠶᠢ ᠦᠶ᠎ᠡ ᠤᠯᠠᠷᠢᠨ ᠤᠯᠠᠮᠵᠢᠯᠠᠬᠤ ᠶᠢᠨ ᠲᠥᠯᠥᠭᠡ᠂ ᠰᠢᠨᠵᠢᠶᠠᠩ ᠤᠨ ᠣᠯᠠᠨ ᠭᠠᠵᠠᠷ ᠵᠠᠩᠭᠠᠷ ᠰᠣᠶᠣᠯ ᠢ ᠰᠤᠷᠭᠠᠭᠤᠯᠢ ᠶᠢᠨ ᠬᠦᠷᠢᠶᠡᠨ᠎ᠡ ᠣᠷᠣᠭᠤᠯᠬᠤ ᠠᠵᠢᠯᠯᠠᠭ᠎ᠠ ᠶᠢ ᠵᠣᠬᠢᠶᠠᠨ ᠪᠠᠢᠭᠤᠯᠤᠨ ᠥᠷᠨᠢᠭᠦᠯᠵᠦ᠂ ᠳᠤᠮᠳᠠᠳᠤ ᠪᠠᠭ᠎ᠠ ᠰᠤᠷᠭᠠᠭᠤᠯᠢ ᠳᠤ ᠤᠯᠠᠮᠵᠢᠯᠠᠨ ᠰᠤᠷᠭᠠᠬᠤ ᠳᠡᠯᠭᠡᠨ ᠦᠵᠡᠭᠦᠯᠬᠦ ᠰᠠᠭᠤᠷᠢᠨ ᠭᠠᠵᠠᠷ ᠪᠠᠢᠭᠤᠯᠬᠤ᠂ ᠵᠠᠩᠭᠠᠷ ᠬᠠᠢᠯᠠᠬᠤ ᠤᠷᠤᠯᠳᠤᠭᠠᠨ ᠡᠷᠬᠢᠯᠡᠬᠦ ᠬᠥᠳᠡᠯᠭᠡᠭᠡᠨ ᠢ ᠶᠠᠪᠤᠭᠳᠠᠭᠤᠯᠪᠠ᠃ ᠬᠣᠪᠤᠭᠰᠠᠢᠷ ᠰᠢᠶᠠᠨ ᠵᠠᠩᠭᠠᠷ ᠰᠣᠶᠣᠯ ᠤᠨ ᠨᠠᠷᠠᠲᠤ ᠳᠡᠮᠲᠡᠭ ᠤᠨ ᠳᠠᠪᠠᠭᠤᠯᠢᠭ ᠢᠶᠠᠨ ᠢᠳᠡᠪᠬᠢᠲᠡᠢ ᠪᠠᠳᠠᠷᠠᠭᠤᠯᠵᠤ᠂ ᠵᠠᠩᠭᠠᠷ ᠰᠣᠶᠣᠯ ᠵᠢᠭᠤᠯᠴᠢᠯᠠᠯ ᠤᠨ ᠨᠠᠶᠢᠷ ᠢ ᠡᠳᠦᠭᠡ ᠪᠣᠯᠲᠠᠯ᠎ᠠ ᠨᠢᠭᠡᠨᠲᠡ ᠠᠷᠪᠠᠨ ᠨᠢᠭᠡ ᠤᠳᠠᠭ᠎ᠠ ᠡᠷᠬᠢᠯᠡᠵᠦ᠂ ᠵᠢᠭᠤᠯᠴᠢᠯᠠᠯ ᠤᠨ ᠠᠵᠤ ᠠᠬᠤᠢ ᠳᠤ ᠲᠤᠤᠯᠢ ᠰᠣᠶᠣᠯ ᠤᠨ ᠢᠳᠡ ᠰᠢᠳᠢ ᠶᠢ ᠨᠡᠮᠡᠷᠢᠯᠡᠭᠰᠡᠨ ᠶᠤᠮ᠃
ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠡᠳᠦᠷ ᠢᠷᠡᠬᠦᠶ᠎ᠡ ᠬᠥᠭᠵᠢᠵᠦ ᠪᠠᠢᠭ᠎ᠠ ᠥᠨᠥᠳᠦᠷ᠂ ᠬᠠᠮᠠᠭᠠᠯᠠᠯᠲᠠ ᠪᠠ ᠤᠯᠠᠮᠵᠢᠯᠠᠯ ᠨᠢ ᠣᠯᠠᠨ ᠣᠷᠣᠨ ᠵᠠᠢ᠂ ᠣᠯᠠᠨ ᠵᠠᠮ ᠱᠤᠭᠤᠮ᠂ ᠣᠯᠠᠨ ᠠᠷᠭ᠎ᠠ ᠬᠡᠯᠪᠡᠷᠢ ᠲᠡᠢᠰᠢ ᠬᠤᠪᠢᠷᠠᠵᠤ ᠪᠠᠢᠨ᠎ᠠ᠃ 2016 ᠣᠨ ᠳᠤ᠂ ᠰᠦᠯᠵᠢᠶᠡᠨ ᠤ ᠬᠡᠦᠬᠡᠯᠳᠡᠢ ᠺᠢᠨᠣ᠋《ᠵᠠᠩᠭᠠᠷ ᠪᠠᠭᠠᠲᠤᠷ》 ᠢ ᠸᠢᠳᠢᠤ᠋ ᠰᠦᠯᠵᠢᠶᠡᠨ ᠳᠡᠭᠡᠷ᠎ᠡ ᠨᠡᠪᠲᠡᠷᠡᠭᠦᠯᠵᠦ᠂ ᠪᠠᠭᠠᠲᠤᠷᠯᠢᠭ ᠲᠤᠤᠯᠢ ᠶᠢ ᠳᠡᠯᠭᠡᠴᠡ ᠪᠠᠷ ᠢᠯᠡᠷᠡᠭᠦᠯᠵᠦ᠂ ᠥᠷᠭᠡᠨ ᠣᠯᠠᠨ ᠰᠦᠯᠵᠢᠶᠡᠴᠢᠳ ᠤᠨ ᠲᠠᠭᠠᠰᠢᠶᠠᠯ ᠢ ᠬᠦᠷᠲᠡᠪᠡ᠃ ᠡᠭᠦᠨ ᠠᠴᠠ ᠭᠠᠳᠠᠨ᠎ᠠ᠂ ᠵᠠᠩᠭᠠᠷ ᠰᠡᠳᠦᠪᠲᠦ ᠳᠠᠭᠤᠤ ᠪᠥᠵᠢᠭᠲᠦ ᠵᠦᠴᠦᠭᠡ᠂ ᠲᠧᠯᠸᠢᠰ ᠪᠠᠷᠢᠮᠲᠠᠲᠤ ᠺᠢᠨᠣ᠋ ᠵᠡᠷᠭᠡ ᠨᠢ ᠡᠨᠡ ᠬᠦ ᠡᠷᠲᠡᠨ ᠤ ᠲᠤᠤᠯᠢ ᠶᠢᠨ ᠦᠨ᠎ᠡ ᠥᠷᠲᠡᠭ ᠢ ᠨᠠᠩ ᠣᠯᠠᠨ ᠵᠠᠯᠠᠭᠤᠴᠤᠳ ᠲᠤ ᠲᠠᠨᠢᠨ ᠮᠡᠳᠡᠭᠦᠯᠪᠡ᠃
ᠤᠷᠳᠤ ᠤᠳᠠᠭᠠᠨ ᠭᠡᠷᠡᠯ ᠰᠠᠴᠤᠷᠠᠩᠭᠤᠢ ᠳᠤᠮᠳᠠᠳᠤ ᠶᠢᠨ ᠪᠣᠯᠪᠠᠰᠤᠨ᠂ ᠳᠤᠮᠳᠠᠳᠤ ᠶᠢᠨ ᠦᠨᠳᠦᠰᠦᠲᠡᠨ ᠤ ᠬᠥᠭᠵᠢᠯᠲᠡ ᠳᠠᠪᠰᠢᠯᠲᠠ ᠶᠢ ᠲᠦᠯᠬᠢᠨ ᠠᠬᠢᠭᠤᠯᠤᠭᠰᠠᠨ ᠢᠶᠠᠷ ᠥᠯᠥ ᠪᠠᠷᠠᠨ᠂ ᠬᠠᠮᠲᠤ ᠶᠢᠨ ᠦᠨ᠎ᠡ ᠥᠷᠲᠡᠭ ᠬᠦᠰᠡᠯᠡᠩ ᠪᠣᠯᠣᠨ ᠬᠠᠢᠷ᠎ᠠ ᠰᠡᠳᠬᠢᠯᠭᠡ ᠵᠣᠷᠢᠭ ᠰᠠᠨᠠᠭ᠎ᠠ ᠶᠢ ᠬᠦᠮᠦᠵᠢᠭᠦᠯᠵᠦ᠂ ᠳᠤᠮᠳᠠᠳᠤ ᠶᠢᠨ ᠦᠨᠳᠦᠰᠦᠲᠡᠨ ᠤ ᠣᠶᠣᠨ ᠰᠠᠨᠠᠭ᠎ᠠ ᠶᠢ ᠨᠢᠭᠲᠠᠷᠠᠭᠤᠯᠬᠤ ᠬᠤᠯᠪᠣᠭᠠᠰᠤ ᠪᠣᠯᠣᠭᠰᠠᠨ ᠪᠢᠯᠡ᠃ 《ᠵᠠᠩᠭᠠᠷ》 ᠢ ᠪᠠᠭᠲᠠᠭᠠᠭᠰᠠᠨ ᠦᠨᠳᠦᠰᠦᠲᠡᠨ ᠨᠦᠭᠦᠳ ᠤᠨ ᠰᠢᠯᠢᠳᠡᠭ ᠤᠯᠠᠮᠵᠢᠯᠠᠯᠲᠤ ᠰᠣᠶᠣᠯ ᠢ ᠰᠠᠢᠲᠤᠷ ᠬᠠᠮᠠᠭᠠᠯᠠᠵᠤ ᠰᠠᠢᠲᠤᠷ ᠪᠠᠳᠠᠷᠠᠭᠤᠯᠵᠤ᠂ ᠰᠠᠢᠲᠤᠷ ᠬᠥᠭᠵᠢᠭᠦᠯᠪᠡᠯ ᠰᠠᠶᠢ ᠳᠤᠮᠳᠠᠳᠤ ᠶᠢᠨ ᠪᠣᠯᠪᠠᠰᠤᠨ ᠢ ᠰᠢᠨ᠎ᠡ ᠴᠠᠭ ᠦᠶ᠎ᠡ ᠳ᠋ᠤ᠌ ᠨᠠᠩ ᠶᠡᠭᠡ ᠨᠥᠯᠥᠭᠡᠯᠡᠬᠦ ᠬᠦᠴᠦᠨ᠂ ᠨᠢᠭᠲᠠᠷᠠᠯ ᠤᠨ ᠬᠦᠴᠦᠨ ᠲᠠᠢ ᠪᠣᠯᠭᠠᠵᠤ᠂ ᠡᠭᠦᠷᠢᠳᠡ ᠠᠮᠢᠵᠢᠷᠠᠯ ᠤᠨ ᠬᠦᠴᠦᠨ ᠲᠠᠢ᠂ ᠭᠡᠷᠡᠯ ᠭᠢᠯᠪᠠᠭ᠎ᠠ ᠰᠠᠴᠤᠷᠠᠭᠤᠯᠵᠤ ᠴᠢᠳᠠᠨᠠᠮ᠃
(ᠲᠣᠰ ᠵᠣᠬᠢᠶᠠᠯ《ᠳᠤᠮᠳᠠᠳᠤ ᠶᠢᠨ ᠦᠨᠳᠦᠰᠦᠲᠡᠨ ᠰᠣᠨᠢᠨ》 ᠤ 2021 ᠣᠨ ᠤ 5 ᠳ᠋ᠤᠭᠠᠷ ᠰᠠᠷ᠎ᠠ ᠶᠢᠨ 18 ᠡᠳᠦᠷ ᠤᠨ 05 ᠬᠡᠪᠯᠡᠯ ᠳᠤ ᠨᠡᠢᠲᠡᠯᠡᠭᠳᠡᠪᠡ᠂ ᠵᠣᠬᠢᠶᠠᠭᠴᠢ᠄ ᠸᠧᠨ ᠵᠢᠩ᠃)
ᠢᠷᠡᠯᠲᠡ᠄ ᠥᠪᠦᠷ ᠮᠣᠩᠭᠤᠯ ᠤ᠋ᠨ ᠥᠪᠡᠷᠲᠡᠭᠡᠨ ᠵᠠᠰᠠᠬᠤ ᠣᠷᠤᠨ ᠤ᠋ ᠦᠨᠳᠦᠰᠦᠲᠡᠨ ᠦ᠌ ᠬᠡᠷᠡᠭ ᠡᠷᠬᠢᠯᠡᠬᠦ ᠵᠥᠪᠯᠡᠯ ᠤ᠋ᠨ ᠮᠣᠩᠭᠤᠯ ᠰᠦᠯᠵᠢᠶ᠎ᠡ
ᠦᠨᠡᠯᠡᠬᠦ 0ᠦᠨᠡᠯᠡᠯᠲᠡ ᠲᠠᠢ