《<ᠵᠠᠩᠭᠠᠷ> ᠤ᠋ᠨ ᠬᠣᠰᠢᠭᠤᠴᠢ ᠰᠤᠳᠤᠯᠤᠯ ᠤ᠋ᠨ ᠴᠤᠪᠤᠷᠠᠯ ᠪᠢᠴᠢᠭ》 ᠦᠷᠭᠦᠯᠵᠢᠯᠡᠨ ᠬᠡᠪᠯᠡᠭᠳᠡᠵᠦ ᠪᠣᠢ
2024.03.01 ᠲᠣᠰ ᠥᠷᠲᠡᠭᠡᠨ ᠦ ᠨᠠᠢᠷᠠᠭᠤᠯᠤᠭᠴᠢ

              

 

    《<ᠵᠠᠩᠭᠠᠷ> ᠤ᠋ᠨ ᠬᠣᠰᠢᠭᠤᠴᠢ ᠰᠤᠳᠤᠯᠤᠯ ᠤ᠋ᠨ ᠴᠤᠪᠤᠷᠠᠯ ᠪᠢᠴᠢᠭ》 ᠪᠣᠯ ᠥᠪᠦᠷ ᠮᠣᠩᠭᠤᠯ ᠤ᠋ᠨ ᠥᠪᠡᠷᠲᠡᠭᠡᠨ ᠵᠠᠰᠠᠬᠤ ᠣᠷᠤᠨ ᠤ᠋ ᠴᠦ᠋ᠬᠡᠨ ᠲᠣᠭᠠᠲᠦ ᠦᠨᠳᠦᠰᠦᠲᠡᠨ ᠤ᠋ ᠰᠤᠳᠤᠷ ᠪᠢᠴᠢᠭ  ᠴᠤᠭᠯᠠᠭᠤᠯᠤᠨ ᠡᠮᠬᠢᠳᠭᠡᠵᠦ ᠰᠤᠳᠤᠯᠬᠤ ᠲᠠᠰᠤᠭ᠂ ᠥᠪᠦᠷ ᠮᠣᠩᠭᠤᠯ ᠤ᠋ᠨ ᠰᠣᠶᠤᠯ ᠤ᠋ᠨ ᠬᠡᠪᠯᠡᠯ ᠤ᠋ᠨ ᠬᠣᠷᠢᠶ᠎ᠠ ᠵᠢᠴᠢ ᠥᠪᠦᠷ ᠮᠣᠩᠭᠤᠯ ᠤ᠋ᠨ ᠶᠡᠬᠡ ᠰᠤᠷᠭᠠᠭᠤᠯᠢ ᠶ᠋ᠢᠨ《 ᠵᠠᠩᠭᠠᠷ》ᠰᠤᠳᠤᠯᠤᠯ ᠤ᠋ᠨ ᠲᠥᠪ ᠤ᠋ᠨ ᠬᠠᠮᠲᠤᠷᠠᠨ ᠮᠡᠳᠡᠭᠦᠯᠦᠭᠰᠡᠨ ᠪᠦᠬᠦ ᠤᠯᠤᠰ ᠤ᠋ᠨ《ᠠᠷᠪᠠᠨ ᠳᠥᠷᠪᠡᠳᠦᠭᠡᠷ ᠲᠠᠪᠤᠨ ᠵᠢᠯ》ᠤ᠋ᠨ ᠲᠥᠯᠦᠪᠵᠢᠭᠦᠯᠭᠡ ᠶ᠋ᠢᠨ ᠭᠣᠣᠯᠳᠠᠯᠭᠠᠲᠦ ᠨᠣᠮ ᠪᠢᠴᠢᠭ ᠬᠡᠪᠯᠡᠭᠦᠯᠬᠦ ᠲᠥᠯᠦᠪᠯᠡᠭᠡᠲᠦ ᠢᠨᠵᠧᠨᠧᠷᠢᠩ ᠮᠥᠨ᠃ ᠲᠤᠰ ᠴᠤᠪᠤᠷᠠᠯ ᠨᠢ ᠨᠡᠢᠲᠡ 40 ᠭᠠᠷᠤᠢ《ᠵᠠᠩᠭᠠᠷ》ᠰᠤᠳᠤᠯᠤᠯ ᠳ᠋ᠤ᠌ ᠬᠣᠯᠪᠤᠭᠳᠠᠬᠤ ᠨᠣᠮ ᠬᠡᠪᠡᠯᠭᠦᠯᠬᠦ ᠪᠡᠷ ᠲᠥᠯᠦᠪᠯᠡᠵᠦ᠂ ᠡᠳᠦᠭᠡ ᠪᠣᠯᠲᠠᠯ᠎ᠠ 6 ᠲᠥᠷᠦᠯ 8ᠳᠡᠪᠲᠡᠷ  ᠬᠡᠪᠯᠡᠭᠳᠡᠭᠡᠳ ᠪᠣᠢ᠃ ᠭᠣᠣᠯᠳᠠᠭᠤ ᠤᠯᠤᠰ ᠤᠨ ᠨᠡᠢᠭᠡᠮ ᠤᠨ ᠰᠢᠨᠵᠢᠯᠡᠬᠦ ᠤᠬᠠᠨᠭᠠᠨ ᠤ ᠰᠠᠭᠤᠷᠢ ᠮᠦᠨᠭᠭᠦᠨ ᠤ ᠲᠥᠰᠦᠯ ᠤᠨ ᠦᠷ᠎ᠡ ᠪᠦᠲᠦᠭᠡᠯ᠂ ᠥᠪᠥᠷ ᠮᠤᠨᠭᠭᠤᠯ ᠤᠨ ᠶᠡᠬᠡ ᠰᠤᠷᠭᠠᠭᠤᠯᠢ ᠡᠴᠨ ᠮᠠᠰᠲ᠋ᠧᠷ ᠴᠣᠯᠠ ᠪᠤᠶᠤ ᠳ᠋ᠣᠺᠲ᠋ᠤᠷ ᠴᠣᠯᠠ ᠬᠠᠮᠠᠭᠠᠯᠠᠭᠰᠠᠨ ᠡᠷᠳᠡᠮ ᠰᠢᠨᠵᠢᠯᠡᠭᠡᠨ ᠤ᠋ ᠰᠢᠯᠢᠳᠡᠭ ᠪᠦᠲᠦᠭᠡᠯ ᠵᠢᠴᠢ ᠥᠪᠦᠷ ᠮᠣᠩᠭᠤᠯ ᠤ᠋ᠨ ᠶᠡᠬᠡ ᠰᠤᠷᠭᠠᠭᠤᠯᠢ ᠶ᠋ᠢᠨ ᠫᠣᠰᠲ ᠳ᠋ᠣᠺᠲ᠋ᠣᠷ ᠤ᠋ᠨ ᠰᠤᠳᠤᠯᠭᠠᠨ ᠤ᠋ ᠪᠦᠲᠦᠭᠡᠯ ᠤ᠋ᠳ ᠪᠠᠭᠲᠠᠵᠤ ᠪᠣᠢ᠃

    ᠲᠤᠰ ᠴᠤᠪᠤᠷᠠᠯ ᠪᠢᠴᠢᠭ ᠢ᠋ ᠬᠡᠪᠯᠡᠭᠦᠯᠦᠭᠰᠡᠨ ᠨᠢ《ᠵᠠᠩᠭᠠᠷ》ᠢ᠋ ᠠᠪᠤᠷᠠᠨ ᠬᠠᠮᠠᠭᠠᠯᠠᠬᠤ᠂ ᠥᠪᠯᠡᠨ ᠤᠯᠠᠮᠵᠢᠯᠠᠬᠤ  ᠳ᠋ᠤ᠌ ᠴᠢᠬᠤᠯᠠ ᠠᠴᠢ ᠬᠣᠯᠪᠤᠭᠳᠠᠯ ᠲᠠᠢ ᠶᠤᠮ᠃ ᠮᠥᠷᠲᠡᠭᠡᠨ ᠶᠡᠷᠦᠩᠬᠡᠢ ᠱᠦᠵᠢ ᠰᠢ ᠵᠢᠨ ᠫᠢᠩ ᠤ᠋ᠨ《 ᠳᠤᠮᠳᠠᠳᠤ ᠤᠯᠤᠰ ᠤ᠋ᠨ ᠭᠤᠷᠪᠠᠨ ᠲᠣᠮᠦ ᠲᠤᠤᠯᠢ》 ᠶ᠋ᠢᠨ ᠴᠢᠬᠤᠯᠠ ᠵᠢᠭᠠᠪᠤᠷᠢ ᠶ᠋ᠢ ᠪᠣᠲᠠᠳᠠᠢᠵᠢᠭᠤᠯᠤᠨ ᠬᠡᠷᠡᠭᠵᠢᠭᠦᠯᠦᠭᠰᠡᠨ ᠶᠠᠪᠤᠳᠠᠯ᠃

                                                    ᠨᠠᠢᠷᠠᠭᠤᠯᠤᠭᠰᠠᠨ ᠨᠢ᠄ ᠵᠤᠯᠠᠨ᠎ᠠ

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )

蒙ICP备17000293号-1 蒙公网安备 15010202150932号