ᠣᠳᠣᠬᠢ ᠪᠠᠢᠷᠢ : ᠲᠡᠷᠢᠭᠦᠨ ᠨᠢᠭᠤᠷ > ᠰᠢᠯᠢᠳᠡᠭ ᠨᠣᠮ ᠰᠤᠳᠤᠷ ᠤ᠋ᠨ ᠦᠵᠡᠭᠦᠯᠭᠡ > ᠮᠣᠩᠭᠤᠯ 《 ᠬᠡᠰᠡᠷ 》 ᠤ᠋ᠨ ᠴᠤᠪᠤᠷᠠᠯ
《ᠪᠠᠭᠠᠷᠢᠨ ᠭᠡᠰᠡᠷ ᠦ᠋ᠨ ᠦᠯᠢᠭᠡᠷ》
ᠴᠤᠪᠤᠷᠠᠯ ᠤ᠋ᠨ ᠨᠡᠷ᠎ᠡ: ᠮᠣᠩᠭᠤᠯ《 ᠭᠡᠰᠡᠷ》 ᠤ᠋ᠨ ᠴᠤᠪᠤᠷᠠᠯ ᠵᠣᠬᠢᠶᠠᠭᠴᠢ: ᠭ᠌ • ᠮᠥᠩᠬᠡᠵᠢᠷᠭᠠᠯ ᠨᠠᠢᠷᠠᠭᠤᠯᠪᠠ ᠬᠡᠯᠡ: ᠮᠣᠩᠭᠤᠯ ᠬᠡᠪᠯᠡᠯ ᠤ᠋ᠨ ᠬᠣᠷᠢᠶ᠎ᠠ: ᠥᠪᠦᠷ ᠮᠣᠩᠭᠤᠯ ᠤ᠋ᠨ ᠰᠣᠶᠤᠯ ᠤ᠋ᠨ ᠬᠡᠪᠯᠡᠯ ᠤ᠋ᠨ ᠬᠣᠷᠢᠶ᠎ᠠ ᠬᠡᠪᠯᠡᠭᠰᠡᠨ ᠴᠠᠭ: 2019 ᠣᠨ ᠤ᠋ 01 ᠰᠠᠷ᠎ᠠ ᠬᠡᠪᠯᠡᠭᠰᠡᠨ ᠤᠳᠠᠭ᠎ᠠ:ᠠᠩᠬᠠᠳᠤᠭᠠᠷ ᠬᠡᠪᠯᠡᠯ ᠬᠡᠪᠯᠡᠭᠦᠯᠦᠭᠰᠡᠨ ᠪᠠᠢᠭᠤᠯᠭ᠎ᠠ: ᠥᠪᠦᠷ ᠮᠣᠩᠭᠤᠯ ᠤ᠋ᠨ ᠥᠪᠡᠷᠲᠡᠭᠡᠨ ᠵᠠᠰᠠᠬᠤ ᠣᠷᠤᠨ ᠤ᠋ ᠴᠦ᠋ᠬᠡᠨ ᠲᠣᠭᠠᠲᠦ ᠦᠨᠳᠦᠰᠦᠲᠡᠨ ᠦ᠌ ᠰᠤᠳᠤᠷ ᠪᠢᠴᠢᠭ ᠢ᠋ ᠴᠤᠭᠯᠠᠭᠤᠯᠤᠨ ᠡᠮᠬᠢᠳᠭᠡᠵᠦ ᠰᠤᠳᠤᠯᠬᠤ ᠲᠠᠰᠤᠭ
ᠲᠣᠪᠴᠢ ᠲᠠᠨᠢᠯᠴᠠᠭᠤᠯᠭ᠎ᠠ:

《ᠪᠠᠭᠠᠷᠢᠨ ᠭᠡᠰᠡᠷ ᠦ᠋ᠨ ᠦᠯᠢᠭᠡᠷ》  ᠥᠪᠦᠷ ᠮᠣᠩᠭᠤᠯ ᠤ᠋ᠨ ᠥᠪᠡᠷᠲᠡᠭᠡᠨ ᠵᠠᠰᠠᠬᠤ ᠣᠷᠤᠨ ᠤ᠋ 《 ᠭᠡᠰᠡᠷ》ᠢ᠋ ᠠᠪᠤᠷᠠᠨ ᠬᠠᠮᠠᠭᠠᠯᠠᠬᠤ ᠢᠨᠵᠧᠨᠧᠷᠢᠩ ᠤ᠋ᠨ ᠠᠵᠢᠯ ᠤ᠋ᠨ ᠲᠥᠰᠦᠯ᠂ 《ᠮᠣᠩᠭᠤᠯ ᠭᠡᠰᠡᠷ ᠤ᠋ᠨ ᠴᠤᠪᠤᠷᠠᠯ》 ᠤ᠋ᠨ 24 ᠳ᠋ᠤᠭᠠᠷ ᠳᠡᠪᠲᠡᠷ ᠢ᠋ᠶ᠋ᠡᠷ 2019 ᠣᠨ ᠳ᠋ᠤ᠌ ᠥᠪᠦᠷ ᠮᠣᠩᠭᠤᠯ ᠤ᠋ᠨ ᠰᠣᠶᠤᠯ ᠤ᠋ᠨ ᠬᠡᠪᠯᠡᠯ ᠤ᠋ᠨ ᠬᠣᠷᠢᠶᠠᠨ  ᠳ᠋ᠤ᠌ ᠬᠡᠪᠯᠡᠭᠳᠡᠪᠡ᠃ ᠲᠤᠰ ᠨᠣᠮ ᠪᠣᠯ ᠪᠠᠭᠠᠷᠢᠨ ᠨᠤᠲᠤᠭ ᠲᠠᠢ ᠢᠳᠡᠷ ᠵᠠᠯᠠᠭᠤ ᠭᠡᠰᠡᠷᠴᠢᠳ ᠤ᠋ᠨ ᠵᠣᠬᠢᠶᠠᠵᠤ ᠨᠠᠢᠷᠠᠭᠤᠯᠤᠭᠰᠠᠨ ᠭᠡᠰᠡᠷ ᠦ᠋ᠨ ᠦᠯᠢᠭᠡᠷ ᠪᠣᠯᠤᠨ᠎ᠠ᠃ ᠭᠣᠣᠯᠳᠠᠭᠤ ᠠᠷᠪᠠᠨ ᠵᠦᠭ ᠤ᠋ᠨ ᠡᠵᠡᠨ ᠭᠡᠰᠡᠷ ᠪᠣᠭᠳᠠ ᠪᠤᠶᠤ ᠲᠡᠭᠦᠨ ᠤ᠋ ᠡᠬᠡᠨᠡᠷ ᠬᠠᠲᠤᠳ ᠤ᠋ᠨ ᠮᠠᠩᠭᠤᠰ ᠢ᠋ ᠳᠠᠷᠤᠵᠤ ᠠᠷᠠᠳ ᠣᠯᠠᠨ ᠢ᠋ᠶ᠋ᠡᠨ ᠠᠵᠠ ᠵᠢᠷᠭᠠᠯᠲᠠᠢ ᠠᠮᠢᠳᠤᠷᠠᠭᠤᠯᠤᠭᠰᠠᠨ ᠭᠣᠣᠯ ᠰᠡᠳᠦᠪ ᠦ᠋ᠨ ᠲᠣᠭᠤᠷᠢᠨ ᠳ᠋ᠤ᠌ ᠵᠣᠬᠢᠶᠠᠭᠳᠠᠭᠰᠠᠨ ᠨᠡᠢᠲᠡᠯᠡᠭᠳᠡᠭᠡᠳᠦᠢ ᠰᠢᠨᠡᠬᠡᠨ ᠬᠤᠭᠤᠷ ᠤ᠋ᠨ ᠦᠯᠢᠭᠡᠷ ᠪᠣᠯᠤᠨ᠎ᠠ᠃

《ᠪᠠᠭᠠᠷᠢᠨ ᠭᠡᠰᠡᠷ ᠦ᠋ᠨ ᠦᠯᠢᠭᠡᠷ》
蒙ICP备17000293号-1 蒙公网安备 15010202150932号