ᠥᠪᠥᠷ ᠮᠣᠩᠭᠣᠯ ᠤ᠋ᠨ ᠮᠣᠩᠭᠣᠯ ᠦᠨᠳᠦᠰᠦᠲᠡᠨ ᠦ᠌ ᠰᠤᠳᠤᠷ ᠪᠢᠴᠢᠭ ᠢ᠋ ᠠᠪᠤᠷᠠᠨ ᠬᠠᠮᠠᠭᠠᠯᠠᠬᠤ ᠠᠵᠢᠯ ᠬᠣᠷᠢᠳᠤᠭᠠᠷ ᠵᠠᠭᠤᠨ ᠤ᠋ ᠲᠠᠪᠢᠭᠠᠳ ᠣᠨ ᠤ᠋ ᠰᠡᠭᠦᠯᠴᠢ ᠡᠴᠡ ᠡᠬᠢᠯᠡᠵᠦ᠂ 1984ᠣᠨ ᠳ᠋ᠤ᠌ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠴᠥᠭᠡᠨ ᠲᠣᠭᠠᠲᠤ ᠦᠨᠳᠦᠰᠦᠲᠡᠨ ᠦ᠌ ᠰᠤᠳᠤᠷ ᠪᠢᠴᠢᠭ ᠦ᠋ᠨ ᠠᠵᠢᠯ ᠢ᠋ ᠤᠳᠤᠷᠢᠳᠬᠤ ᠳᠤᠭᠤᠢᠯᠠᠩ ᠤ᠋ᠨ ᠠᠯᠪᠠᠨ ᠭᠡᠷ ᠵᠢᠩᠬᠢᠨᠢ ᠪᠡᠷ ᠪᠠᠢᠭᠤᠯᠤᠭᠳᠠᠵᠠᠢ᠃ ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠣᠷᠢᠶ᠎ᠠ᠂ ᠵᠠᠰᠠᠭ ᠤ᠋ᠨ ᠣᠷᠳᠣᠨ ᠪᠣᠯᠤᠨ ᠦᠨᠳᠦᠰᠦᠲᠡᠨ ᠦ᠌ ᠬᠡᠷᠡᠭ ᠡᠷᠬᠢᠯᠡᠬᠦ ᠵᠥᠪᠯᠡᠯ ᠦ᠋ᠨ ᠬᠦᠴᠦᠲᠡᠢ ᠳᠡᠮᠵᠢᠯᠭᠡ ᠳᠣᠣᠷ᠎ᠠ᠂ ᠥᠪᠥᠷ ᠮᠣᠩᠭᠣᠯ ᠤ᠋ᠨ ᠰᠤᠳᠤᠷ ᠪᠢᠴᠢᠭ ᠦ᠋ᠨ ᠠᠯᠪᠠᠨ ᠭᠡᠷ ᠨᠢ ᠤᠯᠤᠰ ᠤ᠋ᠨ ᠦᠨᠳᠦᠰᠦᠲᠡᠨ ᠦ᠌ ᠬᠡᠷᠡᠭ ᠡᠷᠬᠢᠯᠡᠬᠦ ᠵᠥᠪᠯᠡᠯ ᠪᠠ ᠥᠪᠡᠷᠲᠡᠭᠡᠨ ᠵᠠᠰᠠᠬᠤ ᠣᠷᠣᠨ ᠤ᠋ ᠴᠥᠭᠡᠨ ᠲᠣᠭᠠᠲᠤ ᠦᠨᠳᠦᠰᠦᠲᠡᠨ ᠦ᠌ ᠰᠤᠳᠤᠷ ᠪᠢᠴᠢᠭ ᠦ᠋ᠨ ᠠᠵᠢᠯ ᠤ᠋ᠨ ᠬᠠᠮᠢᠶ᠎ᠠ ᠪᠦᠬᠦᠢ ᠱᠢᠢᠳᠪᠦᠷᠢ ᠪᠠᠢᠷᠢᠯᠠᠭᠤᠯᠤᠯᠲᠠ ᠶ᠋ᠢ ᠢᠳᠡᠪᠬᠢᠲᠡᠢ ᠲᠤᠭᠤᠱᠢᠯᠠᠭᠤᠯᠵᠤ᠂ ᠵᠣᠬᠢᠶᠠᠨ ᠪᠠᠢᠭᠤᠯᠬᠤ᠂ ᠵᠣᠬᠢᠴᠠᠭᠤᠯᠬᠤ᠂ ᠬᠠᠷᠢᠯᠴᠠᠬᠤ᠂ ᠵᠢᠯᠣᠭᠣᠳᠬᠤ ᠴᠢᠳᠠᠪᠬᠢ ᠪᠠᠨ ᠰᠠᠢᠲᠤᠷ ᠨᠠᠢᠳᠠᠪᠤᠷᠢᠵᠢᠭᠤᠯᠤᠨ᠂ ᠪᠦᠬᠦ ᠤᠯᠤᠰ ᠤ᠋ᠨ ᠮᠣᠩᠭᠣᠯ ᠦᠨᠳᠦᠰᠦᠲᠡᠨ᠂ ᠣᠷᠴᠣᠨ ᠦᠨᠳᠦᠰᠦᠲᠡᠨ᠂ ᠡᠧᠡᠩᠬᠢ ᠦᠨᠳᠦᠰᠦᠲᠡᠨ᠂ ᠳᠠᠭᠤᠷ ᠦᠨᠳᠦᠰᠦᠲᠡᠨ ᠵᠡᠷᠭᠡ ᠳᠥᠷᠪᠡᠨ ᠦᠨᠳᠦᠰᠦᠲᠡᠨ ᠦ᠌ ᠰᠤᠳᠤᠷ ᠪᠢᠴᠢᠭ ᠢ᠋ ᠠᠪᠤᠷᠠᠨ ᠬᠠᠮᠠᠭᠠᠯᠠᠬᠤ ᠪᠠ ᠡᠮᠬᠢᠳᠭᠡᠨ ᠬᠡᠪᠯᠡᠭᠦᠯᠬᠦ ᠠᠵᠢᠯ ᠤ᠋ᠨ ᠡᠭᠦᠷᠭᠡ ᠶ᠋ᠢ ᠳᠠᠭᠠᠭᠠᠴᠢᠯᠠᠨ ᠬᠢᠭᠰᠡᠨ ᠪᠠᠢᠨ᠎ᠠ᠃ ᠵᠣᠬᠢᠶᠠᠨ ᠪᠠᠢᠭᠤᠯᠤᠯᠲᠠ ᠪᠠ ᠵᠢᠯᠣᠭᠣᠳᠤᠯᠭ᠎ᠠ ᠪᠠᠨ ᠴᠢᠩᠭᠠᠳᠭᠠᠬᠤ ᠪᠠᠷ ᠳᠠᠮᠵᠢᠨ ᠴᠥᠭᠡᠨ ᠲᠣᠭᠠᠲᠤ ᠦᠨᠳᠦᠰᠦᠲᠡᠨ ᠦ᠌ ᠰᠤᠳᠤᠷ ᠪᠢᠴᠢᠭ ᠦ᠋ᠨ ᠠᠵᠢᠯ ᠤ᠋ᠨ ᠭᠤᠷᠪᠠᠨ ᠳᠡᠰ ᠦ᠋ᠨ ᠪᠠᠢᠭᠤᠯᠤᠮᠵᠢ ᠶ᠋ᠢ ᠪᠠᠢᠭᠤᠯᠵᠤ᠂ ᠰᠤᠳᠤᠯᠭᠠᠨ ᠤ᠋ ᠪᠠᠢᠭᠤᠯᠤᠮᠵᠢ᠂ ᠶᠡᠬᠡ ᠳᠡᠭᠡᠳᠦ ᠰᠤᠷᠭᠠᠭᠤᠯᠢ᠂ ᠨᠣᠮ ᠤ᠋ᠨ ᠰᠠᠩ᠂ ᠳᠠᠩᠰᠠ ᠡᠪᠬᠡᠮᠡᠯ ᠦ᠋ᠨ ᠰᠠᠩ᠂ ᠬᠡᠪᠯᠡᠯ ᠦ᠋ᠨ ᠬᠣᠷᠢᠶ᠎ᠠ ᠵᠢᠴᠢ ᠲᠤᠰᠭᠠᠢ ᠮᠡᠷᠭᠡᠵᠢᠯᠲᠡᠨ ᠲᠡᠢ ᠬᠠᠷᠢᠯᠴᠠᠭ᠎ᠠ ᠪᠠᠨ ᠴᠢᠩᠭᠠᠳᠭᠠᠵᠤ᠂ ᠬᠠᠢᠨ ᠰᠦᠪᠡᠭᠴᠢᠯᠡᠯᠲᠡ ᠶ᠋ᠢᠨ ᠳᠤᠮᠳᠠ ᠦᠢᠯᠡᠳᠦᠯᠭᠡᠵᠢᠭᠦᠯᠵᠦ᠂ ᠦᠢᠯᠡᠳᠦᠯᠭᠡ ᠶ᠋ᠢᠨ ᠳᠤᠮᠳᠠ ᠰᠤᠷᠤᠯᠴᠠᠵᠤ᠂ ᠮᠣᠩᠭᠣᠯ ᠦᠨᠳᠦᠰᠦᠲᠡᠨ ᠦ᠌ ᠰᠤᠳᠤᠷ ᠪᠢᠴᠢᠭ ᠢ᠋ ᠠᠪᠤᠷᠠᠨ ᠴᠤᠭᠯᠠᠭᠤᠯᠬᠤ᠂ ᠬᠠᠮᠠᠭᠠᠯᠠᠨ ᠡᠮᠬᠢᠳᠭᠡᠬᠦ ᠪᠠ ᠰᠤᠳᠤᠯᠤᠨ ᠬᠡᠪᠯᠡᠭᠦᠯᠬᠦ ᠲᠠᠯ᠎ᠠ ᠪᠠᠷ ᠳᠠᠭᠠᠭᠤᠯᠬᠤ ᠪᠠ ᠵᠢᠯᠣᠭᠣᠳᠬᠤ ᠦᠢᠯᠡᠳᠦᠯ ᠦᠵᠡᠭᠦᠯᠵᠡᠢ᠃
ᠰᠤᠷᠪᠤᠯᠵᠢ ᠪᠢᠴᠢᠭ ᠦ᠋ᠨ ᠭᠠᠷᠴᠠᠭ ᠨᠠᠢᠷᠠᠭᠤᠯᠬᠤ ᠪᠠᠷ ᠠᠵᠢᠯ ᠠ᠋ᠴᠠ ᠭᠠᠷᠳᠠᠵᠤ᠂ 《ᠳᠤᠮᠳᠠᠳᠤ ᠤᠯᠤᠰ ᠤ᠋ᠨ ᠴᠥᠭᠡᠨ ᠲᠣᠭᠠᠲᠤ ᠦᠨᠳᠦᠰᠦᠲᠡᠨ ᠦ᠌ ᠰᠤᠳᠤᠷ ᠪᠢᠴᠢᠭ ᠦ᠋ᠨ ᠲᠣᠪᠴᠢ ᠠᠭᠤᠯᠭᠠᠲᠤ ᠶᠡᠷᠦᠩᠬᠡᠢ ᠭᠠᠷᠴᠠᠭ》 ᠢ᠋ ᠨᠠᠢᠷᠠᠭᠤᠯᠬᠤ ᠠᠵᠢᠯ ᠳ᠋ᠤ᠌ ᠳᠥᠷᠪᠡᠨ ᠦᠨᠳᠦᠰᠦᠲᠡᠨ ᠦ᠌ ᠪᠣᠳᠢ ᠶ᠋ᠢ ᠳᠠᠭᠠᠭᠠᠴᠢᠯᠠᠨ ᠬᠢᠵᠦ᠂ ᠣᠳᠣ ᠣᠷᠴᠣᠨ ᠦᠨᠳᠦᠰᠦᠲᠡᠨ᠂ ᠡᠧᠡᠩᠬᠢ ᠦᠨᠳᠦᠰᠦᠲᠡᠨ᠂ ᠳᠠᠭᠤᠷ ᠦᠨᠳᠦᠰᠦᠲᠡᠨ ᠦ᠌ ᠪᠣᠳᠢ ᠶ᠋ᠢ ᠲᠤᠰ ᠪᠦᠷᠢ ᠨᠢᠭᠡ ᠳᠡᠪᠲᠡᠷ ᠬᠡᠪᠯᠡᠭᠦᠯᠵᠦ᠂ 《ᠮᠣᠩᠭᠣᠯ ᠦᠨᠳᠦᠰᠦᠲᠡᠨ ᠦ᠌ ᠪᠣᠳᠢ ᠶ᠋ᠢ ᠨᠠᠢᠷᠠᠭᠤᠯᠵᠤ ᠳᠠᠭᠤᠰᠭᠠᠭᠠᠳ ᠬᠡᠪᠯᠡᠯ ᠳ᠋ᠦ᠍ ᠥᠭᠭᠦᠭᠡᠳ ᠪᠠᠢᠨ᠎ᠠ᠃ ᠡᠭᠦᠨ ᠡᠴᠡ ᠭᠠᠳᠠᠨ᠎ᠠ 《ᠳᠤᠮᠳᠠᠳᠤ ᠤᠯᠤᠰ ᠤ᠋ᠨ ᠡᠷᠲᠡᠨ ᠦ᠌ ᠮᠣᠩᠭᠣᠯ ᠨᠣᠮ ᠪᠢᠴᠢᠭ ᠦ᠋ᠨ ᠶᠡᠷᠦᠩᠬᠡᠢ ᠭᠠᠷᠴᠠᠭ 》《 ᠭᠠᠨᠵᠤᠤᠷ · ᠳ᠋ᠠᠨᠵᠤᠤᠷ ᠤ᠋ᠨ ᠭᠠᠷᠴᠠᠭ 》ᠵᠡᠷᠭᠡ ᠶ᠋ᠢ ᠪᠠᠰᠠ ᠨᠠᠢᠷᠠᠭᠤᠯᠤᠨ ᠬᠡᠪᠯᠡᠭᠦᠯᠵᠡᠢ᠃ 《 ᠮᠣᠩᠭᠣᠯ ᠲᠤᠯᠭᠤᠷ ᠪᠢᠴᠢᠭ ᠦ᠋ᠨ ᠴᠤᠪᠤᠷᠠᠯ》 ᠢ᠋ᠶ᠋ᠠᠷ《 ᠠᠯᠲᠠᠨ ᠲᠣᠪᠴᠢ 》᠂ 《ᠠᠯᠲᠠᠨ ᠬᠠᠨ ᠤ᠋ ᠲᠣᠭᠣᠵᠢ 》᠂ 《 ᠲᠠᠢᠴᠢᠩ ᠤᠯᠤᠰ ᠤ᠋ᠨ ᠮᠣᠩᠭᠣᠯ ᠤ᠋ᠨ ᠮᠠᠭᠠᠳ ᠲᠣᠯᠢ 》ᠵᠡᠷᠭᠡ 160 ᠭᠠᠷᠤᠢ ᠲᠥᠷᠥᠯ ᠦ᠋ᠨ 200 ᠭᠠᠷᠤᠢ ᠳᠡᠪᠲᠡᠷ ᠰᠤᠷᠪᠤᠯᠵᠢ ᠪᠢᠴᠢᠭ ᠢ᠋ ᠡᠮᠬᠢᠳᠭᠡᠨ ᠬᠡᠪᠯᠡᠭᠦᠯᠵᠡᠢ᠃ ᠲᠣᠮᠣ ᠴᠢᠬᠤᠯᠠ ᠲᠥᠰᠦᠯ ᠢ᠋ᠶ᠋ᠡᠷ ᠠᠵᠢᠯ ᠤ᠋ᠨ ᠱᠢᠪᠲᠤᠯᠤᠯᠲᠠ ᠪᠣᠯᠭᠠᠨ᠂ 《ᠥᠪᠥᠷ ᠮᠣᠩᠭᠣᠯ ᠤ᠋ᠨ ᠦᠨᠳᠦᠰᠦᠲᠡᠨ ᠦ᠌ ᠰᠣᠶᠣᠯ ᠤ᠋ᠨ ᠪᠦᠲᠦᠭᠡᠨ ᠪᠠᠢᠭᠤᠯᠤᠯᠲᠠ ᠶ᠋ᠢᠨ ᠢᠨᠵᠧᠨᠧᠷᠢᠩ》 ᠦ᠋ᠨ ᠳᠠᠩᠰᠠ ᠡᠪᠬᠡᠮᠡᠯ ᠢ᠋ ᠡᠮᠬᠢᠳᠭᠡᠨ ᠬᠡᠪᠯᠡᠭᠦᠯᠬᠦ ᠬᠣᠶᠠᠷ ᠲᠥᠰᠦᠯ ᠢ᠋ ᠳᠠᠭᠠᠭᠠᠴᠢᠯᠠᠨ 《 ᠬᠠᠩᠭᠢᠨ ᠬᠤᠱᠢᠭᠤᠨ ᠤ᠋ ᠵᠠᠰᠠᠭ ᠶᠠᠮᠤᠨ ᠤ᠋ ᠳᠠᠩᠰᠠ 》 ᠪᠠᠷᠤᠭ 90 ᠳᠡᠪᠲᠡᠷ᠂ ᠨᠢᠭᠡᠨᠲᠡ 42 ᠳᠡᠪᠲᠡᠷ ᠢ᠋ ᠬᠡᠪᠯᠡᠭᠦᠯᠪᠡ ᠂ 《ᠠᠯᠠᠱᠠ ᠬᠣᠱᠤᠳ ᠬᠤᠱᠢᠭᠤᠨ ᠤ᠋ ᠮᠣᠩᠭᠣᠯ ᠲᠡᠦᠬᠡᠨ ᠳᠠᠩᠰᠠ 》 ᠪᠠᠷᠤᠭ 80 ᠳᠡᠪᠲᠡᠷ᠂ ᠨᠢᠭᠡᠨᠲᠡ 40 ᠳᠡᠪᠲᠡᠷ ᠢ᠋ ᠬᠡᠪᠯᠡᠭᠦᠯᠪᠡ ᠶ᠋ᠢ ᠡᠮᠬᠢᠳᠭᠡᠨ ᠬᠡᠪᠯᠡᠭᠦᠯᠪᠡ ᠃ 《 ᠥᠪᠥᠷ ᠮᠣᠩᠭᠣᠯ ᠤ᠋ᠨ〈 ᠭᠡᠰᠡᠷ〉 ᠢ᠋ ᠠᠪᠤᠷᠠᠨ ᠬᠠᠮᠠᠭᠠᠯᠠᠬᠤ ᠠᠵᠢᠯ ᠤ᠋ᠨ 5 ᠵᠢᠯ ᠦ᠋ᠨ ᠢᠨᠵᠧᠨᠧᠷᠢᠩ》 ᠢ᠋ᠶ᠋ᠡᠷ ᠦᠷᠭᠦᠯᠵᠢᠯᠡᠯ ᠪᠣᠯᠭᠠᠨ᠂ 《〈 ᠭᠡᠰᠡᠷ〉 ᠦ᠋ᠨ ᠴᠤᠪᠤᠷᠠᠯ ᠪᠢᠴᠢᠭ》40 ᠭᠠᠷᠤᠢ ᠵᠦᠢᠯ ᠢ᠋ ᠬᠡᠪᠯᠡᠭᠦᠯᠵᠦ ᠪᠣᠢ ᠃ ᠪᠠᠰᠠ ᠴᠥᠭᠡᠨ ᠲᠣᠭᠠᠲᠤ ᠦᠨᠳᠦᠰᠦᠲᠡᠨ ᠦ᠌ ᠰᠤᠳᠤᠷ ᠪᠢᠴᠢᠭ ᠪᠣᠯᠤᠨ 《 ᠭᠡᠰᠡᠷ》 ᠦ᠋ᠨ ᠳ᠋ᠠᠢᠲ᠋ᠠ ᠬᠥᠮᠥᠷᠭᠡ ᠪᠠ ᠰᠦᠯᠵᠢᠶ᠎ᠡ ᠶ᠋ᠢ ᠪᠠᠢᠭᠤᠯᠵᠤ᠂ ᠴᠥᠭᠡᠨ ᠲᠣᠭᠠᠲᠤ ᠦᠨᠳᠦᠰᠦᠲᠡᠨ ᠦ᠌ ᠰᠤᠳᠤᠷ ᠪᠢᠴᠢᠭ ᠦ᠋ᠨ ᠲᠣᠭᠠᠵᠢᠭᠤᠯᠤᠯᠲᠠ ᠶ᠋ᠢᠨ ᠠᠬᠢᠴᠠ ᠶ᠋ᠢ ᠲᠦᠷᠭᠡᠳᠭᠡᠭᠰᠡᠨ ᠪᠠᠢᠨ᠎ᠠ᠃