《ᠮᠣᠩᠭᠤᠯ ᠲᠤᠯᠭᠤᠷ ᠪᠢᠴᠢᠭ ᠤ᠋ᠨ ᠴᠤᠪᠤᠷᠠᠯ 》 ᠤ᠋ᠨ ᠲᠠᠨᠢᠯᠴᠠᠭᠤᠯᠭ᠎ᠠ
《ᠮᠣᠩᠭᠤᠯ ᠲᠤᠯᠭᠤᠷ ᠪᠢᠴᠢᠭ ᠤ᠋ᠨ ᠴᠤᠪᠤᠷᠠᠯ》 ᠤ᠋ᠨ ᠡᠮᠬᠢᠳᠭᠡᠨ ᠨᠠᠢᠷᠠᠭᠤᠯᠬᠤ ᠠᠵᠢᠯ ᠢ᠋ 1981ᠣᠨ ᠳ᠋ᠤ᠌ ᠥᠪᠦᠷ ᠮᠣᠩᠭᠤᠯ ᠤ᠋ᠨ ᠪᠠᠭᠰᠢ ᠶ᠋ᠢᠨ ᠶᠡᠬᠡ ᠰᠤᠷᠭᠠᠭᠤᠯᠢ ᠶ᠋ᠢᠨ ᠮᠣᠩᠭᠤᠯ ᠬᠡᠯᠡ ᠤᠳᠭ᠎ᠠ ᠵᠣᠬᠢᠶᠠᠯ ᠰᠤᠳᠤᠯᠬᠤ ᠭᠠᠵᠠᠷ ᠤ᠋ᠨ《 ᠮᠣᠩᠭᠤᠯ ᠲᠤᠯᠭᠤᠷ ᠪᠢᠴᠢᠭ ᠤ᠋ᠨ ᠴᠤᠪᠤᠷᠠᠯ》 ᠢ᠋ ᠨᠠᠢᠷᠠᠭᠤᠯᠬᠤ ᠺᠣᠮᠢᠰ ᠡᠴᠡ ᠡᠷᠬᠢᠯᠡᠨ ᠨᠠᠢᠷᠠᠭᠤᠯᠵᠤ ᠡᠬᠢᠯᠡᠪᠡ᠃ 1984 ᠣᠨ ᠳ᠋ᠤ᠌ ᠥᠪᠦᠷ ᠮᠣᠩᠭᠤᠯ ᠤ᠋ᠨ ᠥᠪᠡᠷᠲᠡᠭᠡᠨ ᠵᠠᠰᠠᠬᠤ ᠣᠷᠤᠨ ᠤ᠋ ᠴᠦ᠋ᠬᠡᠨ ᠲᠣᠭᠠᠲᠦ ᠦᠨᠳᠦᠰᠦᠲᠡᠨ ᠦ᠌ ᠡᠷᠲᠡᠨ ᠦ᠌ ᠨᠣᠮ ᠪᠢᠴᠢᠭ ᠤ᠋ᠨ ᠠᠯᠪᠠᠨ ᠭᠡᠷ ᠪᠠᠢᠭᠤᠯᠤᠭᠳᠠᠵᠤ᠂ ᠡᠨᠡᠬᠦ ᠠᠵᠢᠯ ᠢ᠋ ᠲᠤᠰᠭᠠᠢᠯᠠᠨ ᠬᠠᠷᠢᠭᠤᠴᠠᠪᠠ᠃ ᠣᠳᠣᠬᠠᠨ ᠪᠣᠯᠲᠠᠯ᠎ᠠ《 ᠮᠣᠩᠭᠤᠯ ᠲᠤᠯᠭᠤᠷ ᠪᠢᠴᠢᠭ ᠤ᠋ᠨ ᠴᠤᠪᠤᠷᠠᠯ》 ᠡᠷᠲᠡᠨ ᠦ᠌ ᠨᠣᠮ ᠰᠤᠳᠤᠷ 130 ᠭᠠᠷᠤᠢ ᠲᠥᠷᠦᠯ᠂ 200 ᠭᠠᠷᠤᠢ ᠳᠡᠪᠲᠡᠷ ᠢ᠋ ᠡᠮᠬᠢᠳᠭᠡᠨ ᠨᠠᠢᠷᠠᠭᠤᠯᠵᠤ ᠬᠡᠪᠯᠡᠭᠦᠯᠪᠡ᠃
ᠡᠨᠡᠬᠦ ᠴᠤᠪᠤᠷᠠᠯ ᠪᠢᠴᠢᠭ ᠲᠤ᠌᠂ ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ ᠪᠠᠢᠭᠤᠯᠤᠭᠳᠠᠬᠤ ᠡᠴᠡ ᠡᠮᠦᠨᠡᠬᠢ ᠮᠣᠩᠭᠤᠯ ᠢ᠋ᠶ᠋ᠡᠷ ᠪᠢᠴᠢᠭᠳᠡᠭᠰᠡᠨ ᠦᠨ᠎ᠡ ᠴᠡᠨ᠎ᠡ ᠲᠡᠢ ᠲᠤᠯᠭᠤᠷ ᠪᠢᠴᠢᠭ᠂ ᠮᠣᠩᠭᠤᠯ ᠠᠷᠠᠳ ᠤ᠋ᠨ ᠰᠢᠯᠢᠳᠡᠭ ᠠᠮᠠᠨ ᠵᠣᠬᠢᠶᠠᠯ ᠪᠠ ᠮᠣᠩᠭᠤᠯ ᠤ᠋ᠨ ᠰᠤᠳᠤᠯᠤᠯ ᠳ᠋ᠤ᠌ ᠬᠣᠯᠪᠤᠭᠳᠠᠬᠤ ᠬᠠᠷᠢ ᠬᠡᠯᠡ ᠪᠡᠷ ᠵᠣᠬᠢᠶᠠᠭᠳᠠᠭᠰᠠᠨ ᠠᠯᠳᠠᠷᠲᠦ ᠵᠣᠬᠢᠶᠠᠯ ᠤ᠋ᠨ ᠮᠣᠩᠭᠤᠯ ᠣᠷᠴᠢᠭᠤᠯᠭ᠎ᠠ ᠬᠠᠮᠤᠷᠤᠭᠳᠠᠨ᠎ᠠ᠃《ᠮᠣᠩᠭᠤᠯ ᠲᠤᠯᠭᠤᠷ ᠪᠢᠴᠢᠭ ᠤ᠋ᠨ ᠴᠤᠪᠤᠷᠠᠯ》ᠨᠢ ᠮᠣᠩᠭᠤᠯ ᠰᠣᠶᠤᠯ ᠤ᠋ᠨ ᠬᠥᠮᠦᠷᠭᠡ ᠳ᠋ᠤ᠌ ᠨᠡᠮᠡᠷᠢ ᠬᠠᠨᠳᠢᠪ ᠪᠣᠯᠵᠤ᠂ ᠮᠣᠩᠭᠤᠯᠴᠢ ᠡᠷᠳᠡᠮᠲᠡᠳ ᠦ᠋ᠨ ᠰᠢᠨᠵᠢᠯᠡᠭᠡ ᠰᠤᠳᠤᠯᠭ᠎ᠠ ᠳ᠋ᠤ᠌ ᠨᠡᠩ ᠣᠯᠠᠨ ᠦᠨ᠎ᠡ ᠴᠡᠨ᠎ᠡ ᠲᠡᠢ ᠮᠠᠲ᠋ᠧᠷᠢᠶᠠᠯ ᠢ᠋ ᠬᠠᠩᠭᠠᠵᠤ ᠥᠭᠭᠦᠭᠰᠡᠨ ᠪᠠᠢᠨ᠎ᠠ᠃ ᠡᠳᠡᠭᠡᠷ ᠴᠤᠪᠤᠷᠠᠯ ᠪᠢᠴᠢᠭ ᠤ᠋ᠨ ᠵᠠᠷᠢᠮ ᠨᠢ ᠠᠩᠭ᠌ᠯᠢ᠂ ᠶᠠᠫᠤᠨ ᠵᠡᠷᠭᠡ ᠬᠠᠷᠢ ᠬᠡᠯᠡᠨ ᠳ᠋ᠤ᠌ ᠣᠷᠴᠢᠭᠤᠯᠤᠭᠳᠠᠨ ᠬᠡᠪᠯᠡᠭᠳᠡᠵᠦ᠂ ᠳᠡᠯᠡᠬᠡᠢ ᠨᠡᠢᠲᠡ ᠶ᠋ᠢᠨ ᠮᠣᠩᠭᠤᠯ ᠰᠤᠳᠤᠯᠤᠯ ᠳ᠋ᠤ᠌ ᠴᠦ᠍ ᠬᠣᠪᠤᠷ ᠴᠤᠬᠠᠭ ᠭᠠᠷ ᠤ᠋ᠨ ᠠᠪᠤᠯᠭ᠎ᠠ ᠶ᠋ᠢᠨ ᠮᠠᠲ᠋ᠧᠷᠢᠶᠠᠯ ᠪᠣᠯᠤᠭᠠᠳ ᠪᠠᠢᠨ᠎ᠠ᠃