《ᠮᠣᠩᠭᠤᠯ ᠰᠤᠳᠤᠯᠤᠯ ᠤ᠋ᠨ ᠮᠣᠩᠭᠤᠯ ᠥᠭᠦᠯᠡᠯ ᠵᠣᠬᠢᠶᠠᠯ ᠤ᠋ᠨ ᠬᠡᠯᠬᠢᠶᠡᠰᠦ》 ᠪᠣᠯ ᠥᠪᠦᠷ ᠮᠣᠩᠭᠤᠯ ᠤ᠋ᠨ ᠥᠪᠡᠷᠲᠡᠭᠡᠨ ᠵᠠᠰᠠᠬᠤ ᠣᠷᠤᠨ ᠤ᠋ ᠴᠦ᠋ᠬᠡᠨ ᠲᠣᠭᠠᠲᠤ ᠦᠨᠳᠦᠰᠦᠲᠡᠨ ᠦ᠌ ᠰᠤᠳᠤᠷ ᠪᠢᠴᠢᠭ ᠪᠣᠯᠤᠨ《 ᠭᠡᠰᠡᠷ》 ᠢ᠋ ᠴᠤᠭᠯᠠᠭᠤᠯᠤᠨ ᠡᠮᠬᠢᠳᠭᠡᠵᠦ ᠰᠤᠳᠤᠯᠬᠤ ᠭᠠᠵᠠᠷ ᠡᠴᠡ ᠲᠤᠰᠭᠠᠢ ᠪᠡᠯᠡ ᠮᠥᠩᠭᠦ ᠶ᠋ᠢᠨ ᠲᠤᠰᠠᠯᠠᠮᠵᠢᠲᠦ ᠰᠡᠳᠦᠪ ᠢ᠋ᠶ᠋ᠡᠷ ᠬᠡᠪᠯᠡᠭᠦᠯᠦᠭᠰᠡᠨ ᠮᠣᠩᠭᠤᠯ ᠰᠤᠳᠤᠯᠤᠯ ᠤ᠋ᠨ ᠥᠭᠦᠯᠡᠯ ᠵᠣᠬᠢᠶᠠᠯ ᠤ᠋ᠨ ᠬᠡᠯᠬᠢᠶᠡᠰᠦ ᠪᠣᠯᠤᠨ᠎ᠠ᠃ ᠲᠤᠰ ᠬᠡᠯᠬᠢᠶᠡᠰᠦ ᠳ᠋ᠤ᠌ ᠤᠯᠤᠰ ᠤ᠋ᠨ ᠲᠣᠲᠤᠭᠠᠳᠦ ᠳ᠋ᠤ᠌ ᠬᠡᠪᠯᠡᠭᠳᠡᠭᠰᠡᠨ 200 ᠭᠠᠷᠤᠢ ᠮᠣᠩᠭᠤᠯ ᠰᠣᠨᠢᠨ ᠰᠡᠳᠭᠦᠯ᠂ ᠥᠭᠦᠯᠡᠯ ᠦ᠋ᠨ ᠲᠡᠭᠦᠪᠦᠷᠢ ᠶ᠋ᠢ ᠠᠰᠢᠭᠯᠠᠵᠤ᠂ 1911 ᠣᠨ ᠡᠴᠡ 2012 ᠣᠨ ᠪᠣᠯᠲᠠᠯᠠᠬᠢ 101 ᠵᠢᠯ ᠤ᠋ᠨ ᠬᠣᠭᠤᠷᠤᠨᠳᠤ ᠬᠡᠪᠯᠡᠭᠳᠡᠭᠰᠡᠨ ᠮᠣᠩᠭᠤᠯ ᠰᠤᠳᠤᠯᠤᠯ ᠤ᠋ᠨ ᠲᠤᠬᠠᠢ ᠰᠤᠳᠤᠯᠭᠠᠨ ᠦ᠌ ᠥᠭᠦᠯᠡᠯ ᠰᠢᠭᠦᠮᠵᠢ᠂ ᠮᠡᠳᠡᠭᠡ ᠵᠠᠩᠭᠢ᠂ ᠵᠣᠬᠢᠶᠠᠯ ᠵᠡᠷᠭᠡ 35062 ᠥᠭᠦᠯᠡᠯ ᠵᠣᠬᠢᠶᠠᠯ ᠤ᠋ᠨ ᠭᠠᠷᠴᠠᠭ ( ᠡᠭᠦᠨ ᠳ᠋ᠤ᠌ ᠲᠤᠰᠭᠠᠢ ᠨᠣᠮ 1493 ᠪᠣᠢ) ᠢ᠋ ᠬᠣᠷᠢᠶᠠᠨ ᠣᠷᠤᠭᠤᠯᠵᠠᠢ᠃ ᠡᠨᠳᠡ ᠪᠢᠳᠡ᠂ ᠵᠠᠭᠤ ᠭᠠᠷᠤᠢ ᠵᠢᠯ ᠤ᠋ᠨ ᠮᠣᠩᠭᠤᠯ ᠰᠤᠳᠤᠯᠤᠯ ᠤ᠋ᠨ ᠥᠭᠦᠯᠡᠯ ᠵᠣᠬᠢᠶᠠᠯ ᠤ᠋ᠨ ᠬᠡᠯᠬᠢᠶᠡᠰᠦ ᠶ᠋ᠢ ᠡᠮᠬᠢᠳᠭᠡᠨ ᠨᠠᠢᠷᠠᠭᠤᠯᠤᠭᠰᠠᠨ ᠬᠡᠳᠦᠨ ᠦᠶ᠎ᠡ ᠶ᠋ᠢᠨ ᠡᠷᠳᠡᠮᠲᠡᠨ ᠪᠠᠭᠰᠢ ᠨᠠᠷ ᠲᠤ᠌ ᠪᠠᠨ ᠴᠢᠩ ᠰᠡᠳᠭᠢᠯ ᠤ᠋ᠨ ᠬᠦᠨᠳᠦᠳᠭᠡᠯ ᠲᠠᠯᠠᠷᠬᠠᠯ ᠳᠡᠪᠰᠢᠭᠦᠯᠦᠶ᠎ᠡ! ᠡᠭᠦᠨ ᠳ᠋ᠤ᠌ ᠦᠨᠡᠨᠪᠠᠲᠦ᠂ ᠪᠣᠣ ᠵᠢᠨᠰᠢᠶᠠᠩ᠂ ᠰᠢᠶᠣᠣ ᠴᠢᠩ᠂ ᠦᠷᠢᠨᠬᠢᠷᠠᠭᠠ᠂ ᠡᠭᠦᠯᠡᠨᠬᠤᠸᠠᠷ᠂ ᠪᠦᠷᠢᠨᠪᠠᠶᠠᠷ ᠵᠡᠷᠭᠡ ᠬᠥᠮᠦᠰ ᠢ᠋ ᠵᠠᠪᠠᠯ ᠳᠤᠷᠠᠳᠬᠤ ᠶᠣᠰᠤᠲᠠᠢ᠃ ᠡᠳᠡᠨᠠᠷ ᠤ᠋ᠨ ᠬᠠᠯᠠᠰᠢᠷᠠᠯ ᠦᠭᠡᠢ ᠴᠢᠷᠮᠠᠢᠯᠭ᠎ᠠ ᠪᠠᠢᠬᠤ ᠦᠭᠡᠢ ᠪᠣᠯ ᠡᠷᠳᠡᠮᠲᠡᠨ ᠮᠡᠷᠭᠡᠳ ᠲᠤ᠌ ᠭᠠᠷ ᠤ᠋ᠨ ᠠᠪᠤᠯᠭ᠎ᠠ ᠪᠣᠯᠤᠭᠰᠠᠨ ᠲᠤᠰ ᠥᠭᠦᠯᠡᠯ ᠦ᠋ᠨ ᠬᠡᠯᠬᠢᠶᠡᠰᠦ ᠬᠡᠪᠯᠡᠭᠳᠡᠵᠦ ᠳᠡᠢᠯᠬᠦ ᠦᠭᠡᠢ ᠨᠢ ᠮᠡᠳᠡᠭᠡᠵᠢ᠃ ᠲᠤᠰ ᠬᠡᠯᠬᠢᠶᠡᠰᠦ᠂ ᠪᠦᠬᠦ ᠥᠭᠦᠯᠡᠯ ᠵᠣᠬᠢᠶᠠᠯ ᠢ᠋ᠶ᠋ᠡᠨ ᠠᠭᠤᠯᠭ᠎ᠠ ᠶ᠋ᠢ ᠨᠢ ᠦᠨᠳᠦᠰᠦᠯᠡᠨ ᠭᠦᠨ ᠤᠬᠠᠭᠠᠨ᠂ ᠱᠠᠰᠢᠨ ᠰᠤᠷᠲᠠᠬᠤᠨ᠂ ᠲᠡᠦᠬᠡ᠂ ᠵᠠᠩ ᠳᠠᠳᠭᠠᠯ᠂ ᠠᠵᠤ ᠠᠬᠤᠢ᠂ ᠰᠣᠶᠤᠯ᠂ ᠰᠤᠷᠭᠠᠨ ᠬᠥᠮᠦᠵᠢᠯ᠂ ᠦᠭᠡ ᠬᠡᠯᠡ ᠦᠰᠦᠭ ᠪᠢᠴᠢᠭ᠂ ᠤᠳᠭ᠎ᠠ ᠵᠣᠬᠢᠶᠠᠯ᠂ ᠤᠷᠠᠯᠢᠭ᠂ ᠰᠢᠨᠵᠢᠯᠡᠬᠦ ᠤᠬᠠᠭᠠᠨ᠂ ᠲᠧᠭᠨᠢᠭ ᠮᠡᠷᠭᠡᠵᠢᠯ᠂ ᠠᠨᠠᠭᠠᠬᠤ ᠤᠬᠠᠭᠠᠨ ᠵᠡᠷᠭᠡ ᠲᠥᠷᠦᠯ ᠠᠩᠭᠢᠯᠠᠵᠤ ᠨᠠᠢᠷᠠᠭᠤᠯᠤᠨ ᠵᠢᠭᠰᠠᠭᠠᠵᠠᠢ᠃ ᠡᠨᠡ ᠨᠢ ᠡᠳᠦᠭᠡ ᠪᠣᠯᠲᠠᠯ᠎ᠠ ᠤᠯᠤᠰ ᠤ᠋ᠨ ᠲᠣᠲᠤᠭᠠᠳᠤ ᠭᠠᠳᠠᠭᠠᠳᠤ ᠳ᠋ᠤ᠌ ᠬᠡᠪᠯᠡᠭᠳᠡᠭᠰᠡᠨ ᠬᠠᠮᠤᠭ ᠤ᠋ᠨ ᠪᠦᠷᠢᠨ ᠪᠦᠲᠦᠨ ᠪᠥᠭᠡᠳ ᠬᠠᠮᠤᠭ ᠤ᠋ᠨ ᠲᠣᠮᠤ ᠮᠣᠩᠭᠤᠯ ᠰᠤᠳᠤᠯᠤᠯ ᠤ᠋ᠨ ᠥᠭᠦᠯᠡᠯ ᠵᠣᠬᠢᠶᠠᠯ ᠤ᠋ᠨ ᠬᠡᠯᠬᠢᠶᠡᠰᠦ ᠪᠣᠯᠤᠨ᠎ᠠ᠃ ᠡᠭᠦᠨ ᠦ᠌ ᠬᠡᠪᠯᠡᠭᠳᠡᠭᠰᠡᠨ ᠨᠢ ᠤᠯᠤᠰ ᠤ᠋ᠨ ᠳᠣᠲᠤᠭᠠᠳᠤ ᠭᠠᠳᠠᠭᠠᠳᠤ ᠤ᠋ᠨ ᠮᠣᠩᠭᠤᠯ ᠰᠤᠳᠤᠯᠤᠯ ᠤ᠋ᠨ ᠥᠭᠦᠯᠡᠯ ᠵᠣᠬᠢᠶᠠᠯ ᠤ᠋ᠨ ᠰᠤᠷᠠᠭ ᠴᠢᠮᠡᠭᠡᠨ ᠤ᠋ ᠰᠣᠯᠢᠯᠴᠠᠭ᠎ᠠ ᠪᠣᠯᠤᠨ ᠮᠣᠩᠭᠤᠯ ᠰᠣᠶᠤᠯ ᠤ᠋ᠨ ᠡᠬᠢ ᠰᠤᠷᠪᠤᠯᠵᠢ ᠶ᠋ᠢ ᠨᠡᠭᠡᠭᠡᠨ ᠠᠰᠢᠭᠯᠠᠬᠤ᠂ ᠴᠢᠨᠠᠭᠰᠢᠯᠠᠨ ᠮᠣᠩᠭᠤᠯ ᠰᠤᠳᠤᠯᠤᠯ ᠤ᠋ᠨ ᠦᠢᠯᠡᠰ ᠢ᠋ ᠴᠡᠴᠡᠭᠯᠡᠭᠦᠯᠦᠨ ᠬᠥᠭᠵᠢᠭᠦᠯᠬᠦ ᠳ᠋ᠤ᠌ ᠢᠳᠡᠪᠬᠢᠲᠡᠢ ᠦᠢᠯᠡᠳᠦᠯ ᠦᠵᠡᠭᠦᠯᠬᠦ ᠨᠢ ᠯᠠᠪᠲᠠᠢ ᠶᠤᠮ᠃ ᠥᠩᠭᠡᠷᠡᠭᠰᠡᠨ ᠳ᠋ᠤ᠌《 ᠮᠣᠩᠭᠤᠯ ᠰᠤᠳᠤᠯᠤᠯ ᠤ᠋ᠨ ᠮᠣᠩᠭᠤᠯ ᠥᠭᠦᠯᠡᠯ ᠵᠣᠬᠢᠶᠠᠯ ᠤ᠋ᠨ ᠬᠡᠯᠬᠢᠶᠡᠰᠦ》(1911 - 1984)᠂《 ᠮᠣᠩᠭᠤᠯ ᠰᠤᠳᠤᠯᠤᠯ ᠤ᠋ᠨ ᠵᠣᠬᠢᠶᠠᠯ ᠥᠭᠦᠯᠡᠯ ᠤ᠋ᠨ ᠬᠡᠯᠬᠢᠶᠡᠰᠦ》(1985 - 1990)᠂《 ᠮᠣᠩᠭᠤᠯ ᠰᠤᠳᠤᠯᠤᠯ ᠤ᠋ᠨ ᠵᠣᠬᠢᠶᠠᠯ ᠥᠭᠦᠯᠡᠯ ᠤ᠋ᠨ ᠬᠡᠯᠬᠢᠶᠡᠰᠦ》(1991 - 1995) ᠵᠡᠷᠭᠡ ᠶ᠋ᠢ ᠤᠷᠢᠳ ᠬᠣᠵᠢᠳ ᠬᠡᠳᠦᠨ ᠡᠮᠬᠢᠳᠭᠡᠯ ᠬᠡᠪᠯᠡᠭᠦᠯᠦᠭᠰᠡᠨ ᠪᠣᠯᠪᠠᠴᠤ ᠲᠡᠳᠡᠭᠡᠷ ᠨᠢ ᠨᠡᠯᠢᠶᠡᠳ ᠡᠷᠲᠡᠨ ᠦ᠌ ᠬᠡᠪᠯᠡᠯ ᠪᠣᠯᠬᠤ ᠤᠴᠢᠷ ᠡᠴᠡ ᠲᠡᠭᠦᠨ ᠢ᠋ ᠣᠳᠣ ᠶ᠋ᠢᠨ ᠵᠠᠬ᠎ᠠ ᠳᠡᠯᠭᠡᠭᠦᠷ ᠡᠴᠡ ᠡᠷᠢᠵᠦ ᠣᠯᠬᠤ ᠪᠠᠨ ᠪᠣᠯᠢᠵᠤ ᠬᠡᠷᠡᠭᠯᠡᠵᠦ ᠠᠰᠢᠭᠯᠠᠬᠤ ᠳ᠋ᠤ᠌ ᠳᠥᠭᠦᠮ ᠦᠭᠡᠢ ᠪᠣᠯᠤᠭᠰᠠᠨ ᠪᠠᠢᠨ᠎ᠠ᠃ ᠡᠨᠡ ᠤᠳᠠᠭ᠎ᠠ᠂ ᠥᠪᠦᠷ ᠮᠣᠩᠭᠤᠯ ᠤ᠋ᠨ ᠥᠪᠡᠷᠲᠡᠭᠡᠨ ᠵᠠᠰᠠᠬᠤ ᠣᠷᠤᠨ ᠤ᠋ ᠴᠦ᠋ᠬᠡᠨ ᠲᠣᠭᠠᠲᠦ ᠦᠨᠳᠦᠰᠦᠲᠡᠨ ᠦ᠌ ᠰᠤᠳᠤᠷ ᠪᠢᠴᠢᠭ ᠪᠣᠯᠤᠨ《 ᠭᠡᠰᠡᠷ》 ᠢ᠋ ᠴᠤᠭᠯᠠᠭᠤᠯᠤᠨ ᠡᠮᠬᠢᠳᠭᠡᠵᠦ ᠰᠤᠳᠤᠯᠬᠤ ᠭᠠᠵᠠᠷ ᠡᠴᠡ ᠰᠢᠨ᠎ᠡ ᠪᠡᠷ ᠨᠠᠢᠷᠠᠭᠤᠯᠤᠭᠰᠠᠨ《 ᠮᠣᠩᠭᠤᠯ ᠰᠤᠳᠤᠯᠤᠯ ᠤ᠋ᠨ ᠮᠣᠩᠭᠤᠯ ᠥᠭᠦᠯᠡᠯ ᠵᠣᠬᠢᠶᠠᠯ ᠤ᠋ᠨ ᠬᠡᠯᠬᠢᠶᠡᠰᠦ》(1996 - 2012) 3 ᠳᠡᠪᠲᠡᠷ ᠢ᠋ ᠥᠩᠭᠡᠷᠡᠭᠰᠡᠨ ᠳ᠋ᠤ᠌ ᠬᠡᠪᠯᠡᠭᠳᠡᠭᠰᠡᠨ ᠬᠠᠭᠤᠴᠢᠨ ᠬᠡᠯᠬᠢᠶᠡᠰᠦ ᠲᠡᠢ ᠬᠠᠮᠲᠤᠷᠠᠭᠤᠯᠤᠨ 6 ᠳᠡᠪᠲᠡᠷ ᠢ᠋ᠶ᠋ᠡᠷ ᠢᠵᠢ ᠪᠦᠷᠢᠯᠳᠦᠭᠦᠯᠦᠨ ᠬᠡᠪᠯᠡᠭᠦᠯᠵᠤ ᠪᠠᠢᠭ᠎ᠠ ᠨᠢ ᠡᠷᠳᠡᠮᠲᠡᠨ ᠮᠡᠷᠭᠡᠳ ᠲᠤ᠌ ᠮᠣᠩᠭᠤᠯ ᠰᠤᠳᠤᠯᠤᠯ ᠤ᠋ᠨ ᠮᠠᠲ᠋ᠧᠷᠢᠶᠠᠯ ᠤ᠋ᠨ ᠰᠤᠷᠪᠤᠯᠵᠢ ᠶ᠋ᠢ ᠰᠢᠰᠲ᠋ᠧᠮ ᠲᠠᠢ᠂ ᠪᠦᠷᠢᠨ ᠪᠦᠲᠦᠨ ᠢ᠋ᠶ᠋ᠡᠷ ᠨᠢ ᠬᠠᠩᠭᠠᠬᠤ ᠶ᠋ᠢᠨ ᠲᠥᠯᠦᠭᠡ ᠶᠤᠮ᠃ ᠡᠨᠡ ᠨᠢ ᠳᠤᠮᠳᠠᠳᠤ ᠤᠯᠤᠰ ᠤ᠋ᠨ ᠮᠣᠩᠭᠤᠯ ᠰᠤᠳᠤᠯᠤᠯ ᠢ᠋ ᠳᠡᠯᠡᠬᠡᠢ ᠳ᠋ᠠᠬᠢᠨ ᠳ᠋ᠤ᠌ ᠲᠠᠨᠢᠯᠴᠠᠭᠤᠯᠵᠤ᠂ ᠪᠦᠬᠦ ᠠᠷᠠᠳ ᠤ᠋ᠨ ᠰᠣᠶᠤᠯ ᠤ᠋ᠨ ᠤᠬᠠᠮᠰᠠᠠᠷ ᠪᠠ ᠰᠣᠶᠤᠯ ᠤ᠋ᠨ ᠢᠲᠡᠭᠡᠯ ᠢ᠋ ᠨᠡᠮᠡᠭᠳᠡᠭᠦᠯᠬᠦ ᠪᠡᠷ ᠴᠢᠷᠮᠠᠢᠵᠤ ᠪᠠᠢᠭ᠎ᠠ ᠢᠳᠡᠪᠬᠢᠲᠡᠢ ᠣᠷᠤᠯᠳᠤᠯᠭ᠎ᠠ ᠮᠥᠨ᠃