ᠴᠣᠢᠷᠠᠯᠵᠠᠪ
2020.06.24 ᠲᠣᠰ ᠥᠷᠲᠡᠭᠡᠨ ᠦ ᠨᠠᠢᠷᠠᠭᠤᠯᠤᠭᠴᠢ

    ᠴᠣᠢᠷᠠᠯᠵᠠᠪ (1937 ᠣᠨ~ )᠂ ᠡᠷᠡᠭᠲᠡᠢ᠂ ᠪᠣᠷᠵᠢᠭᠢᠨ ᠣᠪᠤᠭ ᠲᠠᠢ᠂ ᠪᠢᠴᠢᠭ ᠦ᠋ᠨ ᠨᠡᠷ᠎ᠡ ᠨᠢ ᠬᠢᠩᠭᠠᠨ᠃ 1937 ᠣᠨ ᠤ᠋ ᠬᠠᠭᠤᠴᠢᠨ ᠤᠯᠠᠷᠢᠯ ᠤ᠋ᠨ ᠴᠠᠭᠠᠨ ᠰᠠᠷ᠎ᠠ ᠶ᠋ᠢᠨ ᠠᠷᠪᠠᠨ ᠤ᠋ ᠡᠳᠦᠷ ᠤᠤᠯ ᠤ᠋ᠨ ᠬᠣᠷᠴᠢᠨ ᠵᠡᠭᠦᠨ ᠭᠠᠷᠤᠨ ᠡᠮᠦᠨᠡᠲᠦ ᠬᠣᠰᠢᠭᠤᠨ ᠤ᠋ ᠮᠣᠢᠯᠲᠤ ᠶ᠋ᠢᠨ ᠠᠢᠯ ᠤ᠋ᠨ ᠨᠢᠭᠡᠨ ᠶᠠᠳᠠᠭᠤ ᠲᠠᠷᠢᠶᠠᠴᠢᠨ ᠤ᠋ ᠭᠡᠷ ᠲᠦ᠍ ᠲᠥᠷᠦᠵᠡᠢ᠃ 1955 ᠣᠨ ᠤ᠋ 7 ᠰᠠᠷ᠎ᠠ ᠳ᠋ᠤ᠌ ᠲᠦᠩᠯᠢᠶᠣᠤ ᠶ᠋ᠢᠨ ᠬᠣᠶᠠᠳᠤᠭᠠᠷ ᠳᠤᠮᠳᠠᠳᠤ ᠰᠤᠷᠭᠠᠭᠤᠯᠢ ᠠ᠋ᠴᠠ ᠰᠤᠷᠤᠯᠭ᠎ᠠ ᠲᠡᠭᠦᠰᠴᠦ᠂ ᠥᠪᠦᠷ ᠮᠣᠩᠭᠤᠯ ᠤ᠋ᠨ ᠪᠠᠭᠰᠢ ᠶ᠋ᠢᠨ ᠳᠡᠭᠡᠳᠦ ᠰᠤᠷᠭᠠᠭᠤᠯᠢ ᠶ᠋ᠢᠨ ᠲᠣᠭᠠᠨ ᠤ᠋ ᠤᠬᠠᠭᠠᠨ ᠤ᠋ ᠰᠠᠯᠪᠤᠷᠢ ᠳ᠋ᠤ᠌ ᠪᠠᠲᠤᠯᠠᠨ ᠬᠦᠷᠭᠡᠭᠳᠡᠵᠦ ᠰᠤᠷᠤᠯᠴᠠᠭᠠᠳ᠂ 1956 ᠣᠨ ᠤ᠋ 7 ᠰᠠᠷ᠎ᠠ ᠳ᠋ᠤ᠌ ᠲᠤᠰ ᠰᠠᠯᠪᠤᠷᠢ ᠳ᠋ᠠᠭᠠᠨ ᠦᠯᠡᠳᠡᠨ ᠪᠠᠭᠰᠢᠯᠠᠪᠠ᠃ 1957 ᠣᠨ ᠤ᠋ 8 ᠰᠠᠷ᠎ᠠ ᠳ᠋ᠤ᠌ ᠥᠪᠦᠷ ᠮᠣᠩᠭᠤᠯ ᠤ᠋ᠨ ᠶᠡᠬᠡ ᠰᠤᠷᠭᠠᠭᠤᠯᠢ ᠶ᠋ᠢᠨ ᠮᠣᠩᠭᠤᠯ ᠬᠡᠯᠡ ᠤᠳᠭ᠎ᠠ ᠵᠣᠬᠢᠶᠠᠯ ᠤ᠋ᠨ ᠰᠠᠯᠪᠤᠷᠢ ᠳ᠋ᠤ᠌ ᠤᠤᠭᠠᠨ ᠠᠩᠭᠢ ᠶ᠋ᠢᠨ ᠰᠤᠷᠤᠭᠴᠢ ᠪᠠᠷ ᠰᠢᠯᠭᠠᠨ ᠣᠷᠤᠵᠤ ᠰᠤᠷᠤᠯᠴᠠᠭᠠᠳ᠂ 1960 ᠣᠨ  ᠤ᠋ 2  ᠰᠠᠷ᠎ᠠ ᠳ᠋ᠤ᠌ ᠲᠤᠰ ᠰᠠᠯᠪᠤᠷᠢ ᠳ᠋ᠤ᠌  ᠦᠯᠡᠳᠡᠨ ᠪᠠᠭᠰᠢᠯᠠᠪᠠ᠃ 1998 ᠣᠨ ᠳ᠋ᠤ᠌ ᠠᠵᠢᠯ ᠤ᠋ᠨ ᠠᠮᠠᠷᠠᠯᠲᠠ ᠪᠠᠨ ᠠᠪᠴᠠᠢ᠃  ᠥᠪᠦᠷ ᠮᠣᠩᠭᠤᠯ ᠤ᠋ᠨ ᠶᠡᠬᠡ ᠰᠤᠷᠭᠠᠭᠤᠯᠢ ᠶ᠋ᠢᠨ ᠮᠣᠩᠭᠤᠯ ᠰᠤᠳᠤᠯᠤᠯ ᠤ᠋ᠨ ᠳᠡᠭᠡᠳᠦ ᠰᠤᠷᠭᠠᠭᠤᠯᠢ ᠶ᠋ᠢᠨ ᠫᠷᠣᠹᠧᠰᠰᠣᠷ᠂ ᠠᠰᠫᠢᠷᠠᠨᠲ ᠤ᠋ᠨ ᠵᠢᠯᠤᠭᠤᠳᠤᠭᠴᠢ ᠪᠠᠭᠰᠢ᠂  ᠳᠤᠮᠳᠠᠳᠤ ᠤᠯᠤᠰ ᠤ᠋ᠨ ᠮᠣᠩᠭᠤᠯ ᠰᠤᠳᠤᠯᠤᠯ ᠤ᠋ᠨ ᠨᠡᠢᠭᠡᠮᠯᠢᠭ ᠦ᠋ᠨ ᠬᠡᠷᠡᠭ ᠡᠷᠬᠢᠯᠡᠭᠴᠢ᠂ ᠣᠯᠠᠨ ᠤᠯᠤᠰ ᠤ᠋ᠨ ᠮᠣᠩᠭᠤᠯ ᠰᠤᠳᠤᠯᠤᠯ ᠤ᠋ᠨ ᠬᠣᠯᠪᠤᠭᠠᠨ (IAMS) ᠤ᠋ ᠭᠡᠰᠢᠭᠦᠨ᠃

   ᠲᠡᠷᠡ ᠪᠡᠷ 40 ᠭᠠᠷᠤᠢ ᠵᠢᠯ ᠶᠡᠬᠡ ᠰᠤᠷᠭᠠᠭᠤᠯᠢ ᠳ᠋ᠤ᠌ ᠬᠢᠴᠢᠶᠡᠯ ᠬᠥᠮᠦᠵᠢᠯ᠂ ᠡᠷᠳᠡᠮ ᠰᠢᠨᠵᠢᠯᠡᠭᠡᠨ ᠦ᠌ ᠠᠵᠢᠯ ᠬᠢᠵᠦ᠂《 ᠮᠣᠩᠭᠤᠯ ᠤᠷᠠᠨ ᠵᠣᠬᠢᠶᠠᠯ ᠤ᠋ᠨ ᠲᠡᠦᠬᠡ》( ᠳᠡᠳ᠋ ᠭᠣᠣᠯᠯᠠᠨ ᠨᠠᠢᠷᠠᠭᠤᠯᠤᠭᠴᠢ)᠂《 ᠮᠣᠩᠭᠤᠯ ᠭᠡᠰᠡᠷ ᠦ᠋ᠨ ᠰᠤᠳᠤᠯᠭᠠᠨ》᠂《 ᠬᠠᠢᠯᠲᠠ ᠶ᠋ᠢᠨ ᠮᠥᠷ - ᠮᠣᠩᠭᠤᠯ ᠤᠷᠠᠨ ᠵᠣᠬᠢᠶᠠᠯ ᠤ᠋ᠨ ᠥᠭᠦᠯᠡᠮᠵᠢ》᠂《 ᠥᠪᠦᠷ ᠮᠣᠩᠭᠤᠯ ᠤ᠋ᠨ ᠪᠠᠷᠠᠭᠤᠨ ᠣᠷᠤᠨ ᠤ᠋ ᠠᠷᠠᠳ ᠤ᠋ᠨ ᠳᠤᠮᠳᠠᠬᠢ ᠭᠠᠵᠠᠷ ᠰᠢᠷᠤᠢ᠂ ᠰᠦᠮ᠎ᠡ ᠭᠡᠢᠳ ᠦ᠋ᠨ ᠬᠠᠷᠢᠯᠴᠠᠭᠠᠨ ᠤ᠋ ᠮᠠᠲ᠋ᠧᠷᠢᠶᠠᠯ》( ᠬᠠᠮᠲᠤᠷᠠᠭᠰᠠᠨ ᠪᠦᠲᠦᠭᠡᠯ) ᠪᠠ《 ᠬᠥᠬᠡ ᠰᠤᠳᠤᠷ ᠤ᠋ᠨ ᠦᠯᠢᠭᠡᠷ》᠂《ᠮᠣᠩᠭᠤᠯ ᠠᠷᠠᠳ ᠤ᠋ᠨ ᠠᠳᠤᠭᠤᠰᠤ ᠠᠮᠢᠲᠠᠨ ᠤ᠋ ᠦᠯᠢᠭᠡᠷ》 ᠵᠡᠷᠭᠡ 10 ᠭᠠᠷᠤᠢ ᠡᠷᠳᠡᠮ ᠰᠢᠨᠵᠢᠯᠡᠭᠡᠨ ᠦ᠌ ᠪᠦᠲᠦᠭᠡᠯ ᠪᠣᠯᠤᠨ ᠨᠣᠮ ᠵᠣᠬᠢᠶᠠᠯ ᠬᠡᠪᠯᠡᠭᠦᠯᠵᠦ᠂ ᠬᠢᠲᠠᠳ ᠮᠣᠩᠭᠤᠯ ᠬᠡᠯᠡ ᠪᠡᠷ 70 ᠭᠠᠷᠤᠢ ᠡᠷᠳᠡᠮ ᠰᠢᠨᠵᠢᠯᠡᠭᠡᠨ ᠦ᠌ ᠥᠭᠦᠯᠡᠯ ᠨᠡᠢᠲᠡᠯᠡᠭᠦᠯᠪᠡ᠃《 ᠮᠣᠩᠭᠤᠯ ᠭᠡᠰᠡᠷ ᠦ᠋ᠨ ᠴᠤᠪᠤᠷᠠᠯ ᠪᠢᠴᠢᠭ》 ᠢ᠋ ᠨᠠᠢᠷᠠᠭᠤᠯᠬᠤ ᠺᠣᠮᠢᠰ ᠤ᠋ᠨ ᠭᠡᠰᠢᠭᠦᠨ᠂《 ᠮᠣᠩᠭᠤᠯ ᠰᠤᠳᠤᠯᠤᠯ ᠤ᠋ᠨ ᠨᠡᠪᠲᠡᠷᠬᠡᠢ ᠲᠣᠯᠢ᠂ ᠤᠳᠭ᠎ᠠ ᠵᠣᠬᠢᠶᠠᠯ ᠤ᠋ᠨ ᠪᠣᠳᠢ》 ᠶ᠋ᠢᠨ ᠳᠡᠳ᠋  ᠭᠣᠣᠯᠯᠠᠨ ᠨᠠᠢᠷᠠᠭᠤᠯᠤᠭᠴᠢ ᠵᠡᠷᠭᠡ ᠠᠵᠢᠯ ᠢ᠋ ᠡᠭᠦᠷᠭᠡᠯᠡᠵᠦ ᠥᠩᠭᠡᠷᠡᠪᠡ᠃《 ᠭᠡᠰᠡᠷ》 ᠤ᠋ᠨ ᠰᠤᠳᠤᠯᠭᠠᠨ ᠤ᠋ ᠠᠵᠢᠯ ᠳ᠋ᠤ᠌ ᠰᠢᠯᠢᠳᠡᠭ ᠠᠮᠵᠢᠯᠲᠠ ᠣᠯᠤᠭᠰᠠᠨ ᠬᠡᠮᠡᠨ 1997 ᠣᠨ ᠳ᠋ᠤ᠌ ᠤᠯᠤᠰ ᠤ᠋ᠨ ᠰᠣᠶᠤᠯ ᠤ᠋ᠨ ᠶᠠᠮᠤᠨ᠂ ᠦᠨᠳᠦᠰᠦᠲᠡᠨ ᠦ᠌ ᠬᠡᠷᠡᠭ ᠡᠷᠬᠢᠯᠡᠬᠦ ᠵᠥᠪᠯᠡᠯ᠂ ᠳᠤᠮᠳᠠᠳᠤ ᠤᠯᠤᠰ ᠤ᠋ᠨ ᠵᠣᠬᠢᠶᠠᠯᠴᠢᠳ ᠤ᠋ᠨ ᠬᠣᠯᠪᠤᠭ᠎ᠠ ᠪᠣᠯᠤᠨ ᠨᠡᠢᠭᠡᠮ ᠦ᠋ᠨ ᠰᠢᠨᠵᠢᠯᠡᠬᠦ ᠤᠬᠠᠭᠠᠨ ᠤ᠋  ᠠᠺᠠᠳᠧᠮᠢ ᠡᠴᠡ ᠲᠡᠭᠦᠨ ᠳ᠋ᠦ᠍ 《 ᠳᠣᠪᠤᠢᠮ᠎ᠠ ᠵᠢᠳᠭᠦᠯ ᠲᠠᠢ ᠰᠠᠢᠴᠤᠤᠯ》 ᠬᠡᠮᠡᠬᠦ ᠠᠯᠳᠠᠷ ᠴᠣᠯᠠ ᠣᠯᠭᠤᠪᠠ᠃ ᠲᠡᠭᠦᠨ ᠦ᠌ ᠡᠷᠬᠢᠯᠡᠨ ᠨᠠᠢᠷᠠᠭᠤᠯᠤᠭᠰᠠᠨ《 ᠮᠣᠩᠭᠤᠯ ᠠᠮᠠᠨ ᠵᠣᠬᠢᠶᠠᠯ ᠤ᠋ᠨ ᠰᠣᠳᠤᠨ ᠦᠯᠢᠭᠡᠷ ᠦ᠋ᠨ ᠵᠢᠷᠤᠭᠲᠤ ᠳᠡᠪᠲᠡᠷ》 ᠨᠢ 2013 ᠣᠨ ᠳ᠋ᠤ᠌ ᠥᠪᠦᠷ ᠮᠣᠩᠭᠤᠯ ᠤ᠋ᠨ ᠨᠠᠮ ᠤ᠋ᠨ ᠬᠣᠷᠢᠶᠠᠨ ᠤ᠋ ᠤᠬᠠᠭᠤᠯᠬᠤ ᠬᠡᠯᠲᠡᠰ ᠦ᠋ᠨ 12 ᠳ᠋ᠤᠭᠠᠷ ᠬᠤᠭᠤᠴᠠᠭᠠᠨ ᠤ᠋ ᠣᠶᠤᠨ ᠤ᠋ ᠪᠣᠯᠪᠠᠰᠤᠨ ᠤ᠋ ᠪᠦᠲᠦᠭᠡᠨ ᠪᠠᠢᠭᠤᠯᠤᠯᠲᠠ ᠶ᠋ᠢᠨ《5.1 ᠢᠨᠵᠧᠨᠧᠷᠢᠩ》 ᠤ᠋ᠨ ᠰᠢᠯᠢᠳᠡᠭ ᠪᠦᠲᠦᠭᠡᠯ ᠦ᠋ᠨ ᠱᠠᠩᠨᠠᠯ ᠬᠦᠷᠲᠡᠪᠡ᠃ 2004 ᠣᠨ ᠳ᠋ᠤ᠌ ᠠᠷᠠᠳ ᠤ᠋ᠨ ᠠᠮᠠᠨ ᠵᠣᠬᠢᠶᠠᠯ᠂ ᠠᠷᠠᠳ ᠤ᠋ᠨ ᠤᠷᠠᠯᠢᠭ᠂ ᠠᠷᠠᠳ ᠤ᠋ᠨ ᠵᠠᠩ ᠦᠢᠯᠡ ᠶ᠋ᠢᠨ ᠤᠬᠠᠭᠠᠨ ᠤ᠋ ᠦᠢᠯᠡᠰ ᠦ᠋ᠨ ᠲᠥᠯᠦᠭᠡ ᠮᠠᠬᠠᠷᠠᠨ ᠵᠢᠳᠭᠦᠵᠦ ᠥᠨᠳᠦᠷ ᠠᠮᠵᠢᠯᠲᠠ ᠣᠯᠤᠭᠰᠠᠨ ᠬᠡᠮᠡᠨ ᠥᠪᠡᠷᠲᠡᠭᠡᠨ ᠵᠠᠰᠠᠬᠤ ᠣᠷᠤᠨ ᠤ᠋《 ᠠᠷᠠᠳ》 ᠨᠡᠷᠡᠮᠵᠢᠲᠦ ᠠᠷᠠᠳ ᠤ᠋ᠨ ᠰᠣᠶᠤᠯ ᠤ᠋ᠨ ᠭᠠᠷᠮᠠᠭᠠᠢ ᠵᠢᠳᠭᠦᠯᠲᠡᠨ ᠢ᠋ᠶ᠋ᠡᠷ ᠳᠠᠷᠬᠠᠯᠠᠭᠳᠠᠪᠠ᠃

ᠡᠮᠦᠨᠡᠬᠢ ᠵᠣᠬᠢᠶᠠᠯ:
ᠵᠣᠬᠢᠶᠠᠯ ᠦᠭᠡᠢ ᠪᠣᠯᠵᠠᠢ
ᠳᠠᠷᠠᠭᠠᠬᠢ ᠵᠣᠬᠢᠶᠠᠯ:
ᠳᠣᠷᠤᠩᠭ᠎ᠠ
蒙ICP备17000293号-1 蒙公网安备 15010202150932号