《ᠳᠤᠮᠳᠠᠳᠤ ᠤᠯᠤᠰ ᠤ᠋ᠨ ᠴᠦ᠋ᠬᠡᠨ ᠲᠣᠭᠠᠲᠤ ᠦᠨᠳᠦᠰᠦᠲᠡᠨ ᠦ᠌ ᠡᠷᠲᠡᠨ ᠦ᠌ ᠨᠣᠮ ᠪᠢᠴᠢᠭ ᠦ᠋ᠨ ᠲᠣᠪᠴᠢ ᠠᠭᠤᠯᠭᠠᠲᠤ ᠶᠡᠷᠦᠩᠬᠡᠢ ᠭᠠᠷᠴᠠᠭ • ᠮᠣᠩᠭᠤᠯ ᠦᠨᠳᠦᠰᠦᠲᠡᠨ ᠦ᠌ ᠪᠣᠳᠢ • ᠨᠣᠮ ᠪᠢᠴᠢᠭ ᠦ᠋ᠨ ᠲᠥᠷᠦᠯ》( ᠶᠡᠷᠦᠩᠬᠡᠢᠯᠡᠭᠰᠡᠨ ᠲᠥᠷᠦᠯ ) ᠪᠣᠯ ᠤᠯᠤᠰ ᠤ᠋ᠨ ᠦᠨᠳᠦᠰᠦᠲᠡᠨ ᠦ᠌ ᠰᠣᠶᠤᠯ ᠤ᠋ᠨ ᠪᠦᠲᠦᠭᠡᠨ ᠪᠠᠢᠭᠤᠯᠤᠯᠲᠠ ᠶ᠋ᠢᠨ ᠭᠣᠣᠯᠳᠠᠯᠭᠠᠲᠦ ᠰᠡᠳᠦᠪ《ᠳᠤᠮᠳᠠᠳᠤ ᠤᠯᠤᠰ ᠤ᠋ᠨ ᠴᠦ᠋ᠬᠡᠨ ᠲᠣᠭᠠᠲᠤ ᠦᠨᠳᠦᠰᠦᠲᠡᠨ ᠦ᠌ ᠡᠷᠲᠡᠨ ᠦ᠌ ᠨᠣᠮ ᠪᠢᠴᠢᠭ ᠦ᠋ᠨ ᠲᠣᠪᠴᠢ ᠠᠭᠤᠯᠭᠠᠲᠤ ᠶᠡᠷᠦᠩᠬᠡᠢ ᠭᠠᠷᠴᠠᠭ 》 ᠤ᠋ᠨ ᠴᠢᠬᠤᠯᠠ ᠪᠦᠷᠢᠯᠳᠦᠬᠦᠨ ᠬᠡᠰᠡᠭ ᠮᠥᠨ᠃ ᠲᠤᠰ ᠭᠠᠷᠴᠠᠭ ᠢ᠋ ᠥᠪᠦᠷ ᠮᠣᠩᠭᠤᠯ ᠤ᠋ᠨ ᠥᠪᠡᠷᠲᠡᠭᠡᠨ ᠵᠠᠰᠠᠬᠤ ᠣᠷᠤᠨ ᠤ᠋ ᠴᠦ᠋ᠬᠡᠨ ᠲᠣᠭᠠᠲᠤ ᠦᠨᠳᠦᠰᠦᠲᠡᠨ ᠦ᠌ ᠰᠤᠳᠤᠷ ᠪᠢᠴᠢᠭ ᠪᠣᠯᠤᠨ《ᠭᠡᠰᠡᠷ》ᠢ᠋ ᠴᠤᠭᠯᠠᠭᠤᠯᠤᠨ ᠡᠮᠬᠢᠳᠭᠡᠵᠦ ᠰᠤᠳᠤᠯᠬᠤ ᠭᠠᠵᠠᠷ ᠳᠠᠭᠠᠭᠠᠴᠢᠯᠠᠨ ᠡᠷᠬᠢᠯᠡᠵᠦ᠂ ᠤᠯᠤᠰ ᠤ᠋ᠨ ᠳᠣᠲᠤᠭᠠᠳᠤ ᠳ᠋ᠡᠬᠢ ᠮᠣᠩᠭᠤᠯ ᠡᠷᠲᠡᠨ ᠦ᠌ ᠨᠣᠮ ᠪᠢᠴᠢᠭ ᠢ᠋ ᠬᠣᠷᠢᠶᠠᠨ ᠬᠠᠳᠠᠭᠠᠯᠠᠵᠤ ᠪᠠᠢᠭ᠎ᠠ ᠬᠣᠯᠪᠤᠭᠳᠠᠯ ᠪᠦᠬᠦᠢ ᠪᠠᠢᠭᠤᠯᠭ᠎ᠠ ᠨᠢᠭᠡᠴᠢ ᠶ᠋ᠢ ᠵᠣᠬᠢᠶᠠᠨ ᠪᠠᠢᠭᠤᠯᠵᠤ᠂ ᠠᠷᠪᠠᠭᠠᠳ ᠵᠢᠯ ᠤ᠋ᠨ ᠴᠠᠭ ᠵᠠᠷᠤᠴᠠᠭᠤᠯᠵᠤ ᠪᠠᠢᠭᠠᠳ ᠡᠨᠡ ᠬᠦ᠌ ᠭᠠᠷᠴᠠᠭ ᠢ᠋ ᠨᠠᠢᠷᠠᠭᠤᠯᠤᠨ ᠭᠠᠷᠭᠠᠭᠰᠠᠨ ᠪᠠᠢᠨ᠎ᠠ᠃ ᠲᠤᠰ ᠭᠠᠷᠴᠠᠭ ᠤ᠋ᠨ ᠠᠭᠤᠯᠭ᠎ᠠ ᠶ᠋ᠢ ᠮᠣᠩᠭᠤᠯ ᠮᠠᠲ᠋ᠧᠷᠢᠶᠠᠯ ᠡᠴᠡ ᠣᠷᠴᠢᠭᠤᠯᠵᠤ᠂ ᠠᠳᠠᠯᠢᠬᠠᠨ ᠪᠠᠷ ᠤ᠋ᠨ ᠰᠤᠳᠤᠷ ᠨᠡᠯᠢᠶᠡᠳ ᠣᠯᠠᠨ ᠪᠠᠢᠳᠠᠭ ᠡᠴᠡ ᠮᠡᠷᠭᠡᠵᠢᠯᠲᠡᠳ ᠦ᠋ᠨ ᠳᠤᠭᠤᠢᠯᠠᠩ ᠤ᠋ᠨ ᠱᠠᠭᠠᠷᠳᠠᠯᠭ᠎ᠠ ᠪᠡᠷ ᠲᠤᠰ ᠳᠡᠪᠲᠡᠷ ᠢ᠋ ᠨᠠᠢᠷᠠᠭᠤᠯᠬᠤ ᠶᠠᠪᠤᠴᠠ ᠳ᠋ᠤ᠌ ᠤᠤᠯ ᠤ᠋ᠨ ᠮᠣᠩᠭᠤᠯ ᠮᠠᠲ᠋ᠧᠷᠢᠶᠠᠯ ᠶ᠋ᠢᠨ ᠠᠭᠤᠯᠭ᠎ᠠ ᠶ᠋ᠢ ᠳᠠᠬᠢᠨ ᠰᠢᠯᠢᠨ ᠰᠣᠩᠭᠤᠵᠤ ᠨᠡᠢᠯᠡᠭᠦᠯᠵᠦ ᠬᠠᠰᠤᠬᠤ ᠠᠵᠢᠯ ᠢ᠋ ᠬᠢᠪᠡ᠃ ᠪᠦᠬᠦ ᠨᠣᠮ ᠢ᠋ᠶ᠋ᠡᠨ ᠠᠭᠤᠯᠭ᠎ᠠ ᠶ᠋ᠢ ᠦᠨᠳᠦᠰᠦᠯᠡᠨ ᠭᠦᠨ ᠤᠬᠠᠭᠠᠨ᠂ ᠤᠯᠤᠰ ᠲᠥᠷᠦ᠂ ᠬᠠᠤᠯᠢ ᠴᠠᠭᠠᠵᠠ᠂ ᠴᠡᠷᠢᠭ ᠦ᠋ᠨ ᠶᠠᠪᠤᠳᠠᠯ᠂ ᠰᠣᠶᠤᠯ ᠰᠤᠷᠭᠠᠨ ᠬᠥᠮᠦᠵᠢᠯ᠂ ᠲᠠᠮᠢᠷ᠂ ᠦᠭᠡ ᠬᠡᠯᠡ ᠦᠰᠦᠭ ᠪᠢᠴᠢᠭ᠂ ᠤᠳᠭ᠎ᠠ ᠵᠣᠬᠢᠶᠠᠯ᠂ ᠤᠷᠠᠯᠢᠭ᠂ ᠲᠡᠦᠬᠡ᠂ ᠭᠠᠵᠠᠷ ᠵᠦᠢ᠂ ᠣᠳᠤᠨ ᠣᠷᠤᠨ᠂ ᠡᠮ ᠡᠮᠨᠡᠯᠭᠡ ᠡᠷᠡᠭᠦᠯ ᠬᠠᠮᠠᠭᠠᠯᠠᠯ᠂ ᠲᠠᠷᠢᠶᠠᠯᠠᠩ ᠮᠠᠯ ᠠᠵᠤ ᠠᠬᠤᠢ᠂ ᠠᠵᠤ ᠦᠢᠯᠡᠳᠪᠦᠷᠢ ᠲᠧᠭᠨᠢᠭ ᠮᠡᠷᠭᠡᠵᠢᠯ ᠭᠡᠬᠦᠴᠢᠯᠡᠨ 14 ᠲᠥᠷᠦᠯᠵᠢᠭᠦᠯᠦᠨ ᠠᠩᠭᠢᠯᠠᠵᠤ᠂ ᠨᠡᠢᠲᠡ 2127 ᠵᠤᠷᠪᠤᠰ ᠪᠣᠢ᠃