ᠣᠳᠣᠬᠢ ᠪᠠᠢᠷᠢ : ᠲᠡᠷᠢᠭᠦᠨ ᠨᠢᠭᠤᠷ > ᠰᠢᠯᠢᠳᠡᠭ ᠨᠣᠮ ᠰᠤᠳᠤᠷ ᠤ᠋ᠨ ᠦᠵᠡᠭᠦᠯᠭᠡ > ᠳᠤᠮᠳᠠᠳᠤ ᠤᠯᠤᠰ ᠤ᠋ᠨ ᠴᠥᠭᠡᠨ ᠲᠣᠭᠠᠲᠤ ᠦᠨᠳᠦᠰᠦᠲᠡᠨ ᠤ᠋ ᠡᠷᠲᠡᠨ ᠤ᠋ ᠨᠣᠮ ᠪᠢᠴᠢᠭ ᠤ᠋ᠨ ᠲᠣᠪᠴᠢ ᠠᠭᠤᠯᠭᠠᠲᠤ ᠶᠡᠷᠦᠩᠬᠡᠢ ᠭᠠᠷᠴᠠᠭ
《ᠮᠣᠩᠭᠤᠯ ᠦᠨᠳᠦᠰᠦᠲᠡᠨ ᠦ᠌ ᠪᠣᠳᠢ • ᠨᠣᠮ ᠪᠢᠴᠢᠭ ᠦ᠋ᠨ ᠲᠥᠷᠦᠯ 》 ᠮᠣᠩᠭᠤᠯ ᠬᠡᠪᠯᠡᠯ
ᠴᠤᠪᠤᠷᠠᠯ ᠤ᠋ᠨ ᠨᠡᠷ᠎ᠡ: ᠳᠤᠮᠳᠠᠳᠤ ᠤᠯᠤᠰ ᠤ᠋ᠨ ᠴᠦ᠋ᠬᠡᠨ ᠲᠣᠭᠠᠲᠦ ᠦᠨᠳᠦᠰᠦᠲᠡᠨ ᠦ᠌ ᠡᠷᠲᠡᠨ ᠦ᠌ ᠨᠣᠮ ᠪᠢᠴᠢᠭ ᠤ᠋ᠨ ᠲᠣᠪᠴᠢ ᠠᠭᠤᠯᠭᠠᠲᠦ ᠶᠡᠷᠦᠩᠬᠡᠢ ᠭᠠᠷᠴᠠᠭ ᠵᠣᠬᠢᠶᠠᠭᠴᠢ: ᠥᠪᠦᠷ ᠮᠣᠩᠭᠤᠯ ᠤ᠋ᠨ ᠥᠪᠡᠷᠲᠡᠭᠡᠨ ᠵᠠᠰᠠᠬᠤ ᠣᠷᠤᠨ ᠤ᠋ ᠴᠦ᠋ᠬᠡᠨ ᠲᠣᠭᠠᠲᠦ ᠦᠨᠳᠦᠰᠦᠲᠡᠨ ᠦ᠌ ᠰᠤᠳᠤᠷ ᠪᠢᠴᠢᠭ ᠪᠣᠯᠤᠨ《 ᠭᠡᠰᠡᠷ》ᠢ᠋ ᠴᠤᠭᠯᠠᠭᠤᠯᠤᠨ ᠡᠮᠬᠢᠳᠭᠡᠨ ᠰᠤᠳᠤᠯᠬᠤ ᠭᠠᠵᠠᠷ ᠬᠡᠯᠡ: ᠮᠣᠩᠭᠤᠯ ᠬᠡᠪᠯᠡᠯ ᠤ᠋ᠨ ᠬᠣᠷᠢᠶ᠎ᠠ: ᠥᠪᠦᠷ ᠮᠣᠩᠭᠤᠯ ᠦ᠋ᠨ ᠰᠤᠷᠭᠠᠨ ᠬᠥᠮᠦᠵᠢᠯ ᠤ᠋ᠨ ᠬᠡᠪᠯᠡᠯ ᠦ᠋ᠨ ᠬᠣᠷᠢᠶ᠎ᠠ ᠬᠡᠪᠯᠡᠭᠰᠡᠨ ᠴᠠᠭ: 2019 ᠣᠨ ᠤ᠋ 06 ᠰᠠᠷ᠎ᠠ ᠬᠡᠪᠯᠡᠭᠰᠡᠨ ᠤᠳᠠᠭ᠎ᠠ:ᠠᠩᠬᠠᠳᠤᠭᠠᠷ ᠬᠡᠪᠯᠡᠯ ᠬᠡᠪᠯᠡᠭᠦᠯᠦᠭᠰᠡᠨ ᠪᠠᠢᠭᠤᠯᠭ᠎ᠠ: ᠥᠪᠦᠷ ᠮᠣᠩᠭᠤᠯ ᠤ᠋ᠨ ᠥᠪᠡᠷᠲᠡᠭᠡᠨ ᠵᠠᠰᠠᠬᠤ ᠣᠷᠤᠨ ᠤ᠋ ᠴᠦ᠋ᠬᠡᠨ ᠲᠣᠭᠠᠲᠦ ᠦᠨᠳᠦᠰᠦᠲᠡᠨ ᠦ᠌ ᠰᠤᠳᠤᠷ ᠪᠢᠴᠢᠭ ᠪᠣᠯᠤᠨ《 ᠭᠡᠰᠡᠷ》ᠢ᠋ ᠴᠤᠭᠯᠠᠭᠤᠯᠤᠨ ᠡᠮᠬᠢᠳᠭᠡᠨ ᠰᠤᠳᠤᠯᠬᠤ ᠭᠠᠵᠠᠷ
ᠲᠣᠪᠴᠢ ᠲᠠᠨᠢᠯᠴᠠᠭᠤᠯᠭ᠎ᠠ:

《ᠳᠤᠮᠳᠠᠳᠤ ᠤᠯᠤᠰ ᠤ᠋ᠨ ᠴᠦ᠋ᠬᠡᠨ ᠲᠣᠭᠠᠲᠤ ᠦᠨᠳᠦᠰᠦᠲᠡᠨ ᠦ᠌ ᠡᠷᠲᠡᠨ ᠦ᠌ ᠨᠣᠮ ᠪᠢᠴᠢᠭ ᠦ᠋ᠨ ᠲᠣᠪᠴᠢ ᠠᠭᠤᠯᠭᠠᠲᠤ ᠶᠡᠷᠦᠩᠬᠡᠢ ᠭᠠᠷᠴᠠᠭ ᠤ᠋ᠨ ᠮᠣᠩᠭᠤᠯ ᠦᠨᠳᠦᠰᠦᠲᠡᠨ ᠦ᠌ ᠪᠣᠳᠢ》ᠪᠣᠯ《 ᠤᠯᠤᠰ ᠤ᠋ᠨ〈ᠠᠷᠪᠠᠨ ᠨᠢᠭᠡᠳᠦᠭᠡᠷ ᠲᠠᠪᠤᠨ ᠵᠢᠯ〉 ᠤ᠋ᠨ ᠬᠤᠭᠤᠴᠠᠭᠠᠨ ᠳ᠋ᠠᠬᠢ  ᠰᠤᠶᠤᠯ ᠤ᠋ᠨ ᠬᠥᠭᠵᠢᠭᠦᠯᠦᠯᠲᠡ ᠶ᠋ᠢᠨ ᠲᠥᠯᠦᠪᠵᠢᠭᠦᠯᠭᠡ  ᠶ᠋ᠢᠨ ᠬᠥᠲᠦᠯᠪᠦᠷᠢ》᠂《 ᠤᠯᠤᠰ ᠤ᠋ᠨ〈ᠠᠷᠪᠠᠨ ᠬᠣᠶᠠᠳᠤᠭᠠᠷ ᠲᠠᠪᠤᠨ ᠵᠢᠯ〉 ᠤ᠋ᠨ ᠬᠤᠭᠤᠴᠠᠭᠠᠨ ᠳ᠋ᠠᠬᠢ ᠰᠣᠶᠤᠯ ᠤ᠋ᠨ ᠥᠭᠡᠷᠡᠴᠢᠯᠡᠯᠲᠡ ᠬᠥᠭᠵᠢᠭᠦᠯᠦᠯᠲᠡ ᠶ᠋ᠢᠨ ᠲᠥᠯᠦᠪᠵᠢᠭᠦᠯᠭᠡ ᠶ᠋ᠢᠨ ᠬᠥᠲᠦᠯᠪᠦᠷᠢ》᠂ 《 ᠴᠦ᠋ᠬᠡᠨ ᠲᠣᠭᠠᠲᠤ ᠦᠨᠳᠦᠰᠦᠲᠡᠨ ᠦ᠌ ᠰᠤᠳᠤᠷ ᠪᠢᠴᠢᠭ ᠤ᠋ᠨ ᠦᠢᠯᠡᠰ ᠦ᠋ᠨ〈ᠠᠷᠪᠠᠨ ᠬᠣᠶᠠᠳᠤᠭᠠᠷ ᠲᠠᠪᠤᠨ ᠵᠢᠯ〉ᠤ᠋ᠨ ᠲᠥᠯᠦᠪᠵᠢᠭᠦᠯᠭᠡ》 ᠳ᠋ᠤ᠌ ᠵᠢᠭᠰᠠᠭᠠᠭᠰᠠᠨ ᠲᠣᠮᠤ ᠬᠡᠯᠪᠡᠷᠢ ᠶ᠋ᠢᠨ ᠤᠯᠤᠰ ᠤ᠋ᠨ ᠲᠥᠰᠦᠯ ᠪᠣᠯᠤᠨ᠎ᠠ᠃ ᠲᠤᠰ ᠲᠥᠰᠦᠯ ᠢ᠋ ᠥᠪᠦᠷ ᠮᠣᠩᠭᠤᠯ ᠤ᠋ᠨ ᠥᠪᠡᠷᠲᠡᠭᠡᠨ ᠵᠠᠰᠠᠬᠤ ᠣᠷᠤᠨ ᠤ᠋ ᠴᠦ᠋ᠬᠡᠨ ᠲᠣᠭᠠᠲᠤ ᠦᠨᠳᠦᠰᠦᠲᠡᠨ ᠦ᠌ ᠰᠤᠳᠤᠷ ᠪᠢᠴᠢᠭ ᠪᠣᠯᠤᠨ《ᠭᠡᠰᠡᠷ》 ᠢ᠋ ᠴᠤᠭᠯᠠᠭᠤᠯᠤᠨ ᠡᠮᠬᠢᠳᠭᠡᠵᠦ ᠰᠤᠳᠤᠯᠬᠤ ᠭᠠᠵᠠᠷ ᠳᠠᠭᠠᠭᠠᠴᠢᠯᠠᠨ ᠡᠷᠬᠢᠯᠡᠵᠦ᠂ ᠤᠯᠤᠰ ᠤ᠋ᠨ ᠳᠣᠲᠤᠭᠠᠳᠤ  ᠳ᠋ᠡᠬᠢ ᠮᠣᠩᠭᠤᠯ ᠡᠷᠲᠡᠨ ᠦ᠌ ᠨᠣᠮ ᠪᠢᠴᠢᠭ ᠢ᠋ ᠬᠣᠷᠢᠶᠠᠨ ᠬᠠᠳᠠᠭᠠᠯᠠᠵᠤ ᠪᠠᠢᠭ᠎ᠠ ᠬᠣᠯᠪᠤᠭᠳᠠᠯ ᠪᠦᠬᠦᠢ ᠪᠠᠢᠭᠤᠯᠭ᠎ᠠ ᠨᠢᠭᠡᠴᠢ ᠶ᠋ᠢ ᠵᠣᠬᠢᠶᠠᠨ ᠪᠠᠢᠭᠤᠯᠵᠤ᠂ ᠠᠷᠪᠠᠭᠠᠳ ᠵᠢᠯ ᠤ᠋ᠨ ᠴᠠᠭ ᠵᠠᠷᠤᠴᠠᠭᠤᠯᠵᠤ ᠪᠠᠢᠭᠠᠳ ᠡᠨᠡ ᠭᠠᠷᠴᠠᠭ ᠢ᠋ ᠨᠠᠢᠷᠠᠭᠤᠯᠤᠨ ᠭᠠᠷᠭᠠᠭᠰᠠᠨ ᠪᠠᠢᠨ᠎ᠠ᠃ ᠡᠭᠦᠨ ᠳ᠋ᠤ᠌᠂ ᠨᠡᠢᠲᠡ10155 ᠵᠤᠷᠪᠤᠰ ᠡᠷᠲᠡᠨ ᠦ ᠨᠣᠮ ᠪᠢᠴᠢᠭ ᠡᠮᠬᠢᠳᠭᠡᠭᠳᠡᠨ ᠣᠷᠤᠵᠤ᠂ 1949 ᠣᠨ ᠡᠴᠡ ᠡᠮᠦᠨ᠎ᠡ ᠪᠢᠴᠢᠭᠳᠡᠵᠦ ᠪᠦᠲᠦᠭᠡᠭᠳᠡᠭᠰᠡᠨ ᠮᠣᠩᠭᠤᠯ ᠡᠷᠲᠡᠨ ᠦ᠌ ᠨᠣᠮ ᠪᠢᠴᠢᠭ ᠢ᠋ ᠨᠡᠯᠢᠶᠡᠳ ᠪᠦᠷᠢᠨ ᠪᠦᠲᠦᠨ ᠢ᠋ᠶ᠋ᠡᠷ ᠬᠠᠮᠤᠷᠤᠨ ᠣᠷᠤᠭᠤᠯᠤᠭᠰᠠᠨ ᠪᠠᠢᠨ᠎ᠠ᠃ ᠪᠦᠬᠦ ᠨᠣᠮ ᠢ᠋ᠶ᠋ᠡᠨ ᠠᠭᠤᠯᠭ᠎ᠠ ᠶ᠋ᠢ ᠦᠨᠳᠦᠰᠦᠯᠡᠨ ᠱᠠᠰᠢᠨ ᠰᠢᠲᠦᠯᠭᠡ᠂ ᠭᠦᠨ ᠤᠬᠠᠭᠠᠨ᠂ ᠤᠯᠤᠰ ᠲᠥᠷᠦ᠂ ᠬᠠᠤᠯᠢ ᠴᠠᠭᠠᠵᠠ᠂ ᠴᠡᠷᠢᠭ ᠦ᠋ᠨ ᠶᠠᠪᠤᠳᠠᠯ᠂ ᠰᠣᠶᠤᠯ ᠰᠤᠷᠭᠠᠨ ᠬᠥᠮᠦᠵᠢᠯ᠂ ᠲᠠᠮᠢᠷ᠂ ᠦᠭᠡ ᠬᠡᠯᠡ᠂ ᠦᠰᠦᠭ ᠪᠢᠴᠢᠭ᠂ ᠤᠳᠭ᠎ᠠ ᠵᠣᠬᠢᠶᠠᠯ᠂ ᠤᠷᠠᠯᠢᠭ᠂ ᠲᠡᠦᠬᠡ᠂ ᠭᠠᠵᠠᠷ ᠵᠦᠢ᠂ ᠣᠳᠤᠨ ᠣᠷᠤᠨ᠂ ᠡᠮ ᠡᠮᠨᠡᠯᠭᠡ ᠡᠷᠡᠭᠦᠯ ᠬᠠᠮᠠᠭᠠᠯᠠᠯ᠂ ᠲᠠᠷᠢᠶᠠᠯᠠᠩ ᠮᠠᠯ ᠠᠵᠤ ᠠᠬᠤᠢ᠂ ᠠᠵᠤ ᠦᠢᠯᠡᠳᠪᠦᠷᠢ ᠲᠧᠭᠨᠢᠭ ᠮᠡᠷᠭᠡᠵᠢᠯ  ᠭᠡᠬᠦᠴᠢᠯᠡᠨ ᠲᠥᠷᠦᠯᠵᠢᠭᠦᠯᠦᠨ ᠠᠩᠭᠢᠯᠠᠵᠠᠢ᠃ ᠥᠩᠭᠡᠷᠡᠭᠰᠡᠨ ᠳ᠋ᠤ᠌ ᠬᠡᠪᠯᠡᠭᠳᠡᠭᠰᠡᠨ ᠭᠠᠷᠴᠠᠭ ᠡᠴᠡ ᠣᠨᠴᠠᠯᠢᠭᠳᠠᠬᠤ ᠲᠠᠯ᠎ᠠ ᠭᠡᠪᠡᠯ᠂ ᠲᠤᠰ ᠭᠠᠷᠴᠠᠭ ᠨᠢ ᠪᠤᠰᠤᠳ ᠬᠡᠪᠯᠡᠯ ᠤ᠋ᠨ ᠭᠠᠷᠴᠠᠭ ᠲᠠᠢ ᠠᠳᠠᠯᠢᠬᠠᠨ ᠢ᠋ᠶ᠋ᠡᠷ ᠨᠣᠮ ᠤ᠋ᠨ ᠮᠣᠩᠭᠤᠯ᠂ ᠯᠠᠲ᠋ᠢᠨ᠂ ᠬᠢᠲᠠᠳ ᠨᠡᠷ᠎ᠡ᠂ ᠵᠣᠬᠢᠶᠠᠭᠴᠢ ᠣᠷᠴᠢᠭᠤᠯᠤᠭᠴᠢ ᠪᠠ ᠪᠠᠷ ᠬᠡᠪᠯᠡᠯ ᠲᠡᠷᠢᠭᠦᠳᠡᠨ  ᠢ᠋ ᠪᠢᠴᠢᠵᠦ ᠲᠡᠮᠳᠡᠭᠯᠡᠭᠰᠡᠨ ᠢ᠋ᠶ᠋ᠡᠷ ᠦᠯᠦ ᠪᠠᠷᠠᠨ᠂ ᠮᠣᠩᠭᠤᠯ ᠡᠷᠲᠡᠨ ᠦ᠌ ᠨᠣᠮ ᠪᠢᠴᠢᠭ ᠤ᠋ᠨ ᠪᠠᠷ ᠴᠠᠭᠠᠰᠤ᠂ ᠦᠰᠦᠭ ᠦ᠋ᠨ ᠲᠢᠭ᠂ ᠬᠠᠭᠤᠳᠠᠰᠤ ᠬᠡᠮᠵᠢᠶ᠎ᠡ᠂ ᠮᠥᠷ ᠦᠰᠦᠭ ᠤ᠋ᠨ ᠲᠣᠭ᠎ᠠ᠂ ᠨᠢᠭᠤᠷ᠂ ᠬᠠᠭᠤᠳᠠᠰᠤᠨ ᠤ᠋ ᠲᠣᠭ᠎ᠠ᠂ ᠬᠡᠪ ᠤ᠋ᠨ ᠭᠣᠣᠯ ᠣᠨᠴᠠᠯᠢᠭ᠂ ᠲᠠᠮᠠᠭ᠎ᠠ ᠳᠠᠷᠤᠳᠠᠰᠤ᠂ ᠬᠠᠳᠠᠭᠠᠯᠠᠮᠵᠢ ᠶ᠋ᠢᠨ ᠪᠠᠢᠳᠠᠯ᠂ ᠬᠠᠳᠠᠭᠠᠯᠠᠵᠤ ᠪᠠᠢᠭ᠎ᠠ ᠪᠠᠢᠭᠤᠯᠭ᠎ᠠ ᠨᠢᠭᠡᠴᠢ ᠪᠠ ᠬᠠᠳᠠᠭᠠᠯᠠᠮᠵᠢ ᠶ᠋ᠢᠨ ᠳ᠋ᠤᠭᠠᠷ ᠵᠡᠷᠭᠡ ᠮᠡᠳᠡᠭᠡ ᠰᠡᠯᠲᠡ ᠶ᠋ᠢ ᠪᠦᠷᠢᠨ ᠭᠦᠢᠴᠡᠳ ᠮᠥᠷᠲᠡᠭᠡᠨ ᠨᠠᠷᠢᠨ ᠲᠣᠳᠤᠷᠬᠠᠢ ᠪᠢᠴᠢᠵᠤ ᠲᠡᠮᠳᠡᠭᠯᠡᠭᠰᠡᠨ ᠳ᠋ᠤ᠌ ᠪᠠᠢᠬᠤ ᠪᠣᠯᠤᠨ᠎ᠠ᠃ ᠣᠨᠴᠠᠯᠠᠨ ᠳᠤᠷᠠᠳᠤᠭᠤᠰᠢᠲᠠᠢ ᠨᠢ᠂ ᠲᠤᠰ ᠭᠠᠷᠴᠠᠭ ᠲᠤ᠌ ᠮᠣᠩᠭᠤᠯ ᠡᠷᠲᠡᠨ ᠦ᠌ ᠨᠣᠮ ᠪᠢᠴᠢᠭ ᠤ᠋ᠨ ᠲᠣᠪᠴᠢ ᠠᠭᠤᠯᠭ᠎ᠠ ᠶ᠋ᠢ ᠬᠠᠪᠰᠤᠷᠠᠭᠠᠭᠰᠠᠨ ᠨᠢ ᠪᠤᠰᠤᠳ ᠠᠯᠢ ᠠᠯᠢ ᠭᠠᠷᠴᠠᠭ ᠡᠴᠡ ᠢᠯᠭᠠᠷᠠᠬᠤ ᠬᠠᠮᠤᠭ ᠤ᠋ᠨ ᠲᠣᠳᠤ ᠣᠨᠴᠠᠯᠢᠭ ᠪᠣᠯᠤᠭᠰᠠᠨ ᠪᠠᠢᠨ᠎ᠠ᠃ ᠲᠤᠰ ᠭᠠᠷᠴᠠᠭ ᠨᠢ ᠮᠣᠩᠭᠤᠯ ᠦᠨᠳᠦᠰᠦᠲᠡᠨ ᠦ᠌ ᠡᠷᠲᠡᠨ ᠦ᠌ ᠨᠣᠮ ᠪᠢᠴᠢᠭ ᠢ᠋ᠶ᠋ᠡᠷ ᠠᠴᠢᠶᠠᠯᠠᠭᠴᠢ ᠪᠣᠯᠭᠠᠭᠰᠠᠨ ᠡᠯᠪᠡᠭ ᠪᠠᠶᠠᠯᠢᠭ ᠰᠣᠶᠤᠯ ᠤ᠋ᠨ ᠥᠪ ᠬᠥᠷᠦᠩᠭᠡ ᠶ᠋ᠢ ᠪᠦᠬᠦ ᠲᠠᠯ᠎ᠠ  ᠪᠡᠷ ᠬᠤᠷᠢᠶᠠᠩᠭᠤᠢᠯᠠᠨ ᠡᠮᠬᠢᠯᠡᠵᠦ ᠲᠥᠪᠯᠡᠷᠡᠭᠦᠯᠦᠨ ᠦᠵᠡᠭᠦᠯᠦᠭᠰᠡᠨ ᠤᠴᠢᠷ ᠡᠴᠡ᠂ ᠨᠡᠢᠭᠡᠮ ᠨᠡᠢᠲᠡ ᠶ᠋ᠢᠨ ᠮᠣᠩᠭᠤᠯ ᠰᠣᠶᠤᠯ ᠤ᠋ᠨ ᠣᠢᠯᠠᠭᠠᠯᠲᠠ  ᠶ᠋ᠢ ᠨᠡᠮᠡᠭᠳᠡᠭᠦᠯᠬᠦ ᠳ᠋ᠤ᠌ ᠲᠣᠩ ᠶᠡᠬᠡ ᠠᠴᠢ ᠬᠣᠯᠪᠤᠭᠳᠠᠯ ᠦᠵᠡᠭᠦᠯᠬᠦ ᠨᠢ ᠯᠠᠪᠲᠠᠢ ᠶᠤᠮ᠃ ᠣᠨᠴᠠᠭᠠᠢᠯᠠᠨ ᠮᠣᠩᠭᠤᠯ ᠡᠷᠲᠡᠨ ᠦ᠌ ᠨᠣᠮ ᠪᠢᠴᠢᠭ ᠤ᠋ᠨ ᠰᠤᠳᠤᠯᠤᠭᠴᠢᠳ ᠪᠠ ᠬᠣᠷᠢᠶᠠᠨ ᠬᠠᠳᠠᠭᠠᠯᠠᠭᠴᠢᠳ ᠲᠤ᠌ ᠡᠳᠦᠷ ᠳᠤᠲᠤᠮ ᠤ᠋ᠨ ᠭᠠᠷ ᠠᠪᠤᠯᠭ᠎ᠠ ᠪᠣᠯᠬᠤ ᠨᠢ ᠳᠠᠮᠵᠢᠭ ᠦᠭᠡᠢ᠃ ᠲᠤᠰ ᠭᠠᠷᠴᠠᠭ ᠢ᠋ ᠰᠣᠶᠤᠯᠲᠤ ᠤᠷᠲᠤᠨᠠᠰᠤᠲᠤ ᠡᠷᠬᠢᠯᠡᠨ ᠨᠠᠢᠷᠠᠭᠤᠯᠵᠤ᠂ ᠭᠡᠷᠡᠯᠲᠦ ᠭᠦᠢᠴᠡᠳᠭᠡᠨ ᠨᠠᠢᠷᠠᠭᠤᠯᠪᠠ᠃ ᠥᠪᠦᠷ ᠮᠣᠩᠭᠤᠯ ᠤ᠋ᠨ ᠰᠤᠷᠭᠠᠨ ᠬᠥᠮᠦᠵᠢᠯ ᠦ᠋ᠨ ᠬᠡᠪᠯᠡᠯ ᠦ᠋ᠨ ᠬᠣᠷᠢᠶ᠎ᠠ 2019 ᠣᠨ ᠤ᠋ 6 ᠰᠠᠷ᠎ᠠ ᠳ᠋ᠤ᠌ ᠬᠡᠪᠯᠡᠭᠦᠯᠪᠡ᠃

《ᠮᠣᠩᠭᠤᠯ ᠦᠨᠳᠦᠰᠦᠲᠡᠨ ᠦ᠌ ᠪᠣᠳᠢ • ᠨᠣᠮ ᠪᠢᠴᠢᠭ ᠦ᠋ᠨ ᠲᠥᠷᠦᠯ 》 ᠮᠣᠩᠭᠤᠯ ᠬᠡᠪᠯᠡᠯ
蒙ICP备17000293号-1 蒙公网安备 15010202150932号