ᠯᠣᠪᠰᠠᠩ ( 1947~ ) ᠮᠣᠩᠭᠤᠯ ᠦᠨᠳᠦᠰᠦᠲᠡᠨ᠂ ᠥᠪᠥᠷ ᠮᠣᠩᠭᠤᠯ ᠤᠨ ᠤᠯᠠᠭᠠᠨᠴᠠᠪ ᠠᠢᠮᠠᠭ ᠤᠨ ᠵᠢᠨᠢᠩ ᠬᠤᠲᠠ ᠶᠢᠨ ᠬᠦᠮᠦᠨ᠃ ᠯᠣᠪᠰᠠᠩ ᠬᠠᠷᠠᠬᠠᠨ ᠪᠠᠭ᠎ᠠ ᠠᠴᠠ ᠪᠠᠨ ᠦᠯᠢᠭᠡᠷ ᠬᠣᠯᠪᠤᠭ᠎ᠠ ᠳᠤ ᠲᠤᠷᠠᠲᠠᠢ ᠪᠠᠢᠵᠤ᠂1952 ᠣᠨ ᠳᠤ ᠠᠯᠳᠠᠷᠲᠤ ᠤᠷᠠᠯᠢᠭᠴᠢᠨ ᠮᠤᠤᠠᠬᠢᠨ ᠢ ᠪᠠᠭᠰᠢ ᠪᠠᠷᠢᠵᠤ᠂ ᠦᠯᠢᠭᠡᠷ ᠬᠣᠯᠪᠤᠭ᠎ᠠ ᠡᠬᠢᠯᠡᠨ ᠰᠤᠷᠴᠠᠢ᠃ 1964 ᠣᠨ ᠳᠤ ᠤᠯᠠᠭᠠᠨᠴᠠᠪ ᠠᠢᠮᠠᠭ ᠤᠨ ᠤᠷᠠᠯᠢᠭ ᠤᠨ ᠪᠦᠯᠬᠦᠮ ᠳᠦ ᠲᠤᠰᠬᠠᠢ ᠬᠤᠭᠤᠷᠴᠢ ᠪᠠᠷ ᠠᠵᠢᠯᠯᠠᠵᠤ ᠫᠠᠵᠠᠢ᠂ ᠦᠰᠬᠦᠪᠤᠶᠠᠨ ᠵᠡᠷᠭᠡ ᠠᠯᠳᠠᠷᠲᠤ ᠤᠷᠠᠯᠢᠭᠴᠢᠨ ᠠᠴᠠ ᠰᠤᠷᠤᠯᠴᠠᠵᠤ᠂ ᠤᠷ᠎ᠠ ᠮᠡᠷᠭᠡᠵᠢᠯ ᠢᠶᠡᠨ ᠤᠯᠠᠮ ᠲᠡᠭᠦᠯᠳᠡᠷᠵᠢᠭᠦᠯᠵᠠᠢ᠃ ᠲᠡᠷᠡ ᠪᠠᠷ 《 ᠭᠤᠷᠪᠠᠨ ᠤᠯᠤᠰ ᠤᠨ ᠦᠯᠢᠭᠡᠷ》᠂ 《ᠰᠦᠩ ᠤᠯᠤᠰ ᠤᠨ ᠦᠯᠢᠭᠡᠷ》᠂ 《ᠰᠦᠢ ᠲᠠᠩ ᠤᠨ ᠦᠯᠢᠭᠡᠷ》 ᠵᠡᠷᠭᠡ ᠬᠤᠭᠤᠷ ᠤᠨ ᠦᠯᠢᠭᠡᠷ ᠢ ᠬᠡᠯᠡᠵᠦ ᠴᠢᠳᠠᠳᠠᠭ᠃ ᠲᠡᠷᠡ《ᠬᠤᠷ ᠭᠡᠰᠡᠷ ᠦᠨ ᠲᠤᠭᠤᠵᠢ》 ᠶᠢ ᠬᠠᠢᠯᠠᠵᠤ ᠤᠯᠤᠰ ᠤᠨ ᠳᠣᠲᠤᠨ᠎ᠠ ᠭᠠᠳᠠᠨ᠎ᠠ ᠶᠡᠬᠡᠬᠡᠨ ᠠᠯᠳᠠᠷᠰᠢᠵᠤ᠂ ᠲᠡᠭᠦᠨ ᠤ ᠬᠠᠢᠯᠠᠭᠰᠠᠨ《ᠭᠡᠰᠡᠷ ᠦᠨ ᠲᠤᠭᠤᠵᠢ》 ᠨᠢ ᠰᠤᠶᠤᠯ ᠤᠨ ᠶᠠᠮᠤᠨ ᠤ ᠨᠢᠭᠡᠳᠦᠭᠡᠷ ᠲᠡᠰ ᠤᠨ ᠱᠠᠩᠨᠠᠯ ᠢ ᠬᠦᠷᠲᠡᠵᠡᠢ᠃ ᠲᠡᠷᠡ ᠪᠡᠷ1984 ᠣᠨ ᠤ 8 ᠰᠠᠷ᠎ᠠ ᠳ᠋ᠤ᠌ ᡀᠠᠰᠠ ᠳᠤ ᠶᠠᠪᠤᠭᠳᠠᠭᠰᠠᠨ ᠪᠦᠬᠦ ᠤᠯᠤᠰ ᠤᠨ ᠠᠩᠬᠠᠳᠠᠭᠴᠢ ᠤᠳᠠᠭᠠᠨ ᠤ ᠠᠷᠠᠳ ᠤᠨ ᠤᠷᠠᠯᠢᠭᠴᠢᠳ ᠤᠨ 《ᠭᠡᠰᠡᠷ ᠦᠨ ᠲᠤᠭᠤᠵᠢ》ᠬᠠᠢᠯᠠᠬᠤ ᠬᠤᠷᠠᠯᠳᠤᠭᠠᠨ ᠳᠤ ᠣᠷᠤᠯᠴᠠᠵᠤ ᠭᠡᠰᠡᠷ ᠬᠠᠢᠯᠠᠭᠰᠠᠨ ᠪᠦᠭᠡᠳ1992 ᠣᠨ ᠳ᠋ᠤ᠌ ᠪᠡᠭᠡᠵᠢᠩ ᠳᠦ ᠶᠠᠪᠤᠭᠳᠠᠭᠰᠠᠨ《 ᠭᠡᠰᠡᠷᠴᠢ》 ᠴᠣᠯᠠᠯᠠᠬᠤ ᠶᠡᠬᠡ ᠬᠤᠷᠠᠯ ᠳᠤ ᠣᠷᠤᠯᠴᠠᠵᠤ《ᠭᠡᠰᠡᠷᠴᠢ》 ᠶᠢᠨ ᠴᠣᠯᠠ ᠶᠢ ᠬᠦᠷᠲᠡᠵᠡᠢ᠃
ᠠᠭᠤᠯᠭ᠎ᠠ ᠶ᠋ᠢᠨ ᠨᠠᠢᠷᠠᠭᠤᠯᠤᠭᠴᠢ᠄ ᠪᠠᠭᠠᠷᠢᠨ ᠪᠠᠷᠠᠭᠤᠨ ᠬᠣᠰᠢᠭᠤᠨ ᠤ᠋ ᠭᠡᠰᠡᠷ ᠤ᠋ᠨ ᠠᠯᠪᠠᠨ ᠭᠡᠷ
ᠰᠡᠭᠦᠳᠡᠷᠯᠡᠭᠴᠢ᠄ᠯᠦᠩᠮᠧᠢ
ᠮᠡᠷᠭᠡᠵᠢᠯ᠄ ᠵᠤᠯᠠᠨ᠎ᠠ
ᠬᠢᠨᠠᠭᠴᠢ᠄ ᠯᠦᠩᠮᠧᠢ
ᠶᠡᠷᠦᠩᠬᠡᠢ ᠬᠢᠨᠠᠭᠴᠢ᠄ ᠰᠤᠶᠤᠯᠲᠦ