《ᠵᠠᠩᠭᠠᠷ》
2022.05.16 ᠲᠣᠰ ᠥᠷᠲᠡᠭᠡᠨ ᠦ ᠨᠠᠢᠷᠠᠭᠤᠯᠤᠭᠴᠢ

         

  《ᠵᠠᠩᠭᠠᠷ》ᠪᠣᠯ ᠮᠣᠩᠭᠤᠯ ᠦᠨᠳᠦᠰᠦᠲᠡᠨ ᠦ᠌ ᠪᠠᠭᠠᠲᠤᠷᠯᠢᠭ ᠲᠤᠤᠯᠢ  ᠮᠥᠨ᠂ ᠠᠩᠬ᠎ᠠ ᠠᠮᠠ ᠪᠡᠷ ᠤᠯᠠᠮᠵᠢᠯᠠᠭᠳᠠᠵᠤ ᠰᠢᠨᠵᠢᠶᠠᠩ ᠤ᠋ᠨ ᠮᠣᠩᠭᠤᠯᠴᠤᠳ ᠤ᠋ᠨ ᠲᠥᠪᠯᠡᠷᠡᠨ  ᠰᠠᠭᠤᠷᠢᠰᠢᠭᠰᠠᠨ ᠭᠠᠵᠠᠷ  ᠣᠷᠤᠨ ᠳ᠋ᠤ᠌ ᠤᠷᠲᠦ ᠬᠤᠭᠤᠴᠠᠭ᠎ᠠ  ᠲᠠᠷᠬᠠᠭᠰᠠᠭᠠᠷ ᠢᠷᠡᠵᠡᠢ᠃ ᠲᠡᠷᠡ ᠨᠢ《ᠭᠡᠰᠡᠷ》᠂ 《ᠮᠠᠨᠠᠰ》 ᠲᠠᠢ ᠬᠠᠮᠲᠦ《ᠳᠤᠮᠳᠠᠳᠤ ᠤᠯᠤᠰ ᠤ᠋ᠨ ᠭᠤᠷᠪᠠᠨ ᠲᠣᠮᠤ ᠲᠤᠤᠯᠢ》 ᠬᠡᠮᠡᠨ ᠨᠡᠷᠡᠯᠡᠭᠳᠡᠵᠦ᠂ 2006 ᠣᠨ ᠤ᠋ 6 ᠰᠠᠷ᠎ᠠ ᠳ᠋ᠤ᠌ ᠳᠤᠮᠳᠠᠳᠤ ᠤᠯᠤᠰ ᠤ᠋ᠨ ᠠᠩᠬᠠᠳᠤᠭᠠᠷ ᠤᠳᠠᠭᠠᠨ ᠤ᠋ ᠪᠡᠶᠡᠲᠦ ᠪᠤᠰᠤ ᠰᠣᠶᠤᠯ ᠤ᠋ᠨ ᠥᠪ  ᠢ᠋ᠶ᠋ᠡᠷ  ᠲᠡᠮᠳᠡᠭᠯᠡᠭᠳᠡᠭᠰᠡᠨ ᠶᠤᠮ᠃《ᠵᠠᠩᠭᠠᠷ》 ᠤ᠋ᠨ ᠭᠣᠣᠯ ᠠᠭᠤᠯᠭ᠎ᠠ ᠨᠢ ᠥᠨᠦᠴᠢᠨ ᠬᠣᠴᠤᠷᠤᠭᠰᠠᠨ ᠵᠠᠩᠭᠠᠷ ᠥᠪᠡᠷ ᠤ᠋ᠨ ᠬᠦᠴᠦ ᠴᠢᠳᠠᠯ᠂ ᠣᠶᠤᠨ ᠤᠬᠠᠭᠠᠨ ᠢ᠋ᠶ᠋ᠡᠷ ᠢ᠋ᠶ᠋ᠡᠨ12 ᠠᠷᠰᠯᠠᠨ᠂ 32 ᠪᠣᠳᠤᠩ᠂ 6012 ᠪᠠᠭᠠᠲᠤᠷ ᠢ᠋ ᠴᠤᠭᠯᠠᠭᠤᠯᠤᠭᠠᠳ ᠲᠣᠭᠠᠯᠠᠰᠢ ᠦᠭᠡᠢ ᠣᠯᠠᠨ ᠤᠳᠠᠭᠠᠨ ᠤ᠋ ᠳᠠᠢᠨ ᠪᠠᠢᠯᠳᠤᠭᠠᠨ ᠢ᠋ᠶ᠋ᠡᠷ ᠬᠠᠷᠢ ᠶ᠋ᠢᠨ ᠲᠦᠷᠢᠮᠡᠭᠡᠢᠯᠡᠯ ᠬᠢᠭᠡᠳ ᠭᠠᠵᠢᠭᠤ ᠪᠤᠷᠤᠭᠤ ᠳᠠᠷᠤᠯᠠᠯ ᠮᠥᠯᠵᠢᠯ ᠢ᠋ ᠡᠰᠡᠷᠭᠦᠴᠡᠵᠦ᠂ ᠳᠡᠭᠡᠷ᠎ᠡ ᠪᠠᠨ ᠳᠠᠷᠤᠯᠠᠯ ᠦᠭᠡᠢ᠂ ᠳᠡᠷᠭᠡᠳᠡ ᠪᠠᠨ ᠳᠠᠢᠰᠤᠨ ᠦᠭᠡᠢ᠂ ᠦᠭᠡᠢᠷᠡᠳᠡᠭ ᠦᠭᠡᠢ ᠪᠠᠶᠠᠨ᠂ ᠥᠨᠦᠴᠢᠨ ᠦᠭᠡᠢ ᠥᠨᠢᠷ᠂ ᠥᠷᠭᠦᠭᠡᠨ ᠦᠭᠡᠢ ᠲᠣᠭᠳᠠᠭᠤᠨ᠂ ᠦᠷᠭᠦᠯᠵᠢ  ᠵᠢᠷᠭᠠᠯ ᠲᠠᠢ ᠪᠠᠢᠳᠠᠭ ᠪᠤᠮᠪᠠ ᠶ᠋ᠢᠨ ᠣᠷᠤᠨ ᠢ᠋ ᠪᠦᠲᠦᠭᠡᠨ ᠪᠠᠢᠭᠤᠯᠤᠭᠰᠠᠨ ᠵᠢᠴᠢ ᠳᠠᠷᠠᠭ᠎ᠠ ᠦᠶ᠎ᠡ ᠶ᠋ᠢᠨ ᠬᠢᠨ ᠲᠡᠷᠡ ᠬᠦ᠌ ᠪᠤᠮᠪᠠ ᠶ᠋ᠢᠨ ᠣᠷᠤᠨ ᠢ᠋ᠶ᠋ᠡᠨ ᠦᠷᠭᠦᠯᠵᠢᠯᠡᠨ ᠰᠠᠬᠢᠨ ᠬᠠᠮᠠᠭᠠᠯᠠᠵᠤ ᠪᠦᠬᠦᠢ ᠪᠠᠭᠠᠲᠤᠷᠯᠢᠭ ᠦᠢᠯᠡ ᠶᠠᠪᠤᠳᠠᠯ ᠢ᠋ ᠬᠦᠦᠷᠨᠢᠪᠡ᠃

  ᠨᠠᠮ ᠵᠠᠰᠠᠭ ᠡᠴᠡ ᠡᠯ᠎ᠡ ᠦᠨᠳᠦᠰᠦᠲᠡᠨ ᠦ᠌ ᠰᠢᠯᠢᠳᠡᠭ ᠤᠯᠠᠮᠵᠢᠯᠠᠯᠲᠦ ᠰᠣᠶᠤᠯ ᠢ᠋ ᠬᠠᠮᠠᠭᠠᠯᠠᠬᠤ ᠪᠠ ᠤᠯᠠᠮᠵᠢᠯᠠᠨ ᠵᠠᠯᠭᠠᠮᠵᠢᠯᠠᠬᠤ ᠶ᠋ᠢ ᠴᠢᠬᠤᠯᠠᠴᠢᠯᠠᠭᠰᠠᠭᠠᠷ ᠢᠷᠡᠪᠡ᠃1950 ᠣᠨ ᠳ᠋ᠤ᠌ ᠬᠤᠳᠠᠯᠳᠤᠭᠠᠨ ᠤ᠋ ᠶᠠᠪᠤᠳᠠᠯ ᠤ᠋ᠨ ᠬᠡᠪᠯᠡᠯ ᠤ᠋ᠨ ᠭᠠᠵᠠᠷ ᠡᠴᠡ《ᠬᠣᠩᠭᠤᠷ》ᠭᠡᠬᠦ ᠨᠣᠮ ᠢ᠋  ᠬᠡᠪᠯᠡᠭᠦᠯᠦᠭᠰᠡᠨ ᠨᠢ 《ᠵᠠᠩᠭᠠᠷ 》 ᠤ᠋ᠨ ᠬᠡᠰᠡᠭ ᠪᠦᠯᠦᠭ ᠢ᠋ ᠬᠢᠲᠡᠳᠴᠢᠯᠠᠭᠰᠠᠨ ᠮᠠᠨ ᠤ᠋ᠨ ᠤᠯᠤᠰ ᠤ᠋ᠨ ᠠᠩᠬᠠᠳᠠᠭᠴᠢ ᠨᠤᠮ ᠪᠣᠯᠵᠠᠢ᠃ 1958 ᠣᠨ ᠳ᠋ᠤ᠌ ᠥᠪᠦᠷ ᠮᠣᠩᠭᠤᠯ ᠤ᠋ᠨ ᠠᠷᠠᠳ ᠤ᠋ᠨ ᠬᠡᠪᠯᠡᠯ ᠤ᠋ᠨ ᠬᠣᠷᠢᠶ᠎ᠠ ᠠᠩᠬᠠᠳᠠᠭᠴᠢ ᠮᠣᠩᠭᠤᠯ ᠬᠡᠪᠯᠡᠯ ᠤ᠋ᠨ《 ᠵᠠᠩᠭᠠᠷ》 ᠢ᠋ ᠬᠡᠪᠯᠡᠭᠦᠯᠪᠡ᠃ ᠲᠡᠭᠦᠨ ᠢ᠋ ᠪᠠᠰᠠ《 ᠠᠷᠪᠠᠨ ᠭᠤᠷᠪᠠᠨ ᠪᠦᠯᠦᠭᠲᠦ ᠬᠡᠪᠯᠡᠯ》 ᠭᠡᠳᠡᠭ᠃ ᠲᠤᠰ  ᠬᠡᠪᠯᠡᠯ ᠨᠢ《ᠵᠠᠩᠭᠠᠷ》 ᠢ᠋  ᠳᠡᠯᠭᠡᠷᠡᠭᠦᠯᠬᠦ ᠳ᠋ᠤ᠌ ᠨᠡᠯᠢᠶᠡᠳ ᠶᠡᠬᠡ ᠠᠬᠢᠭᠤᠯᠬᠤ ᠦᠢᠯᠡᠳᠦᠯ ᠦᠵᠡᠭᠦᠯᠦᠭᠰᠡᠨ ᠶᠤᠮ᠃1980 ᠣᠨ ᠳ᠋ᠤ᠌ ᠰᠢᠨᠵᠢᠶᠠᠩ ᠤ᠋ᠨ ᠤᠢᠭᠤᠷ ᠤ᠋ᠨ ᠥᠪᠡᠷᠲᠡᠭᠡᠨ ᠵᠠᠰᠠᠬᠤ ᠣᠷᠤᠨ 《ᠵᠠᠩᠭᠠᠷ》 ᠢ᠋ ᠴᠤᠭᠯᠠᠭᠤᠯᠤᠨ  ᠡᠮᠬᠢᠳᠭᠡᠬᠦ ᠤᠳᠤᠷᠢᠳᠬᠤ ᠳᠤᠭᠤᠢᠯᠠᠩ ᠪᠠ ᠠᠵᠢᠯᠯᠠᠬᠤ ᠳᠤᠭᠤᠢᠯᠠᠩ ᠪᠠᠢᠭᠤᠯᠵᠤ᠂《ᠵᠠᠩᠭᠠᠷ》 ᠢ᠋ ᠶᠡᠬᠡ ᠬᠡᠪᠴᠢᠶ᠎ᠡ ᠪᠡᠷ ᠴᠤᠭᠯᠠᠭᠤᠯᠬᠤ ᠠᠵᠢᠯ ᠢ᠋ ᠡᠬᠢᠯᠡᠭᠦᠯᠵᠡᠢ᠃

  《ᠵᠠᠩᠭᠠᠷ》 ᠤ᠋ᠨ ᠲᠤᠤᠯᠢ  ᠨᠢ ᠡᠳᠦᠭᠡ ᠪᠣᠯᠲᠠᠯ᠎ᠠ ᠮᠣᠩᠭᠤᠯ  ᠠᠷᠠᠳ ᠲᠦᠮᠡᠨ ᠤ᠋ ᠳᠤᠮᠳᠠ ᠤᠯᠠᠮᠵᠢᠯᠠᠭᠳᠠᠨ ᠵᠠᠯᠭᠠᠮᠵᠢᠯᠠᠭᠰᠠᠭᠠᠷ ᠢᠷᠡᠭᠰᠡᠨ ᠶᠤᠮ᠃《ᠵᠠᠩᠭᠠᠷ》 ᠤ᠋ᠨ ᠲᠤᠤᠯᠢ ᠳ᠋ᠤ᠌ ᠡᠷᠲᠡᠨ ᠦ᠌ ᠮᠣᠩᠭᠤᠯᠴᠤᠳ ᠤ᠋ᠨ ᠨᠡᠢᠭᠡᠮ ᠲᠡᠦᠬᠡ᠂ ᠭᠦᠨ ᠤᠬᠠᠭᠠᠨ᠂ ᠱᠠᠰᠢᠨ ᠰᠢᠲᠦᠯᠭᠡ᠂ ᠶᠣᠰᠤ ᠰᠤᠷᠲᠠᠬᠤᠨ᠂ ᠵᠠᠩ ᠳᠠᠳᠭᠠᠯ᠂ ᠦᠭᠡ ᠬᠡᠯᠡ᠂ ᠰᠣᠶᠤᠯ ᠢᠷᠭᠡᠨᠰᠢᠯ ᠵᠡᠷᠭᠡ ᠪᠠᠢᠭᠠᠯᠢᠯᠢᠭ ᠡᠬᠡ ᠪᠠᠶᠠᠯᠢᠭ ᠠᠭᠤᠯᠤᠭᠳᠠᠵᠤ ᠪᠠᠢᠭ᠎ᠠ ᠪᠣᠯᠬᠣᠷ ᠮᠣᠩᠭᠤᠯ ᠦᠨᠳᠦᠰᠦᠲᠡᠨ ᠦ᠌ ᠪᠦᠷᠢᠨ ᠲᠣᠯᠢ ᠬᠡᠮᠡᠨ ᠠᠯᠳᠠᠷᠰᠢᠵᠠᠢ᠃ᠳᠤᠮᠳᠠᠳᠤ  ᠶ᠋ᠢᠨ ᠰᠣᠶᠤᠯ  ᠪᠣᠯ ᠡᠯ᠎ᠡ ᠦᠨᠳᠦᠰᠦᠲᠡᠨ ᠦ᠌ ᠰᠣᠶᠤᠯ ᠤ᠋ᠨ ᠶᠡᠬᠡ ᠴᠤᠭᠯᠠᠷᠠᠯ  ᠮᠥᠨ᠃《ᠵᠠᠩᠭᠠᠷ》 ᠢ᠋ ᠪᠠᠭᠲᠠᠭᠠᠭᠰᠠᠨ ᠡᠯ᠎ᠡ ᠦᠨᠳᠦᠰᠦᠲᠡᠨ ᠦ᠌ ᠰᠢᠯᠢᠳᠡᠭ ᠤᠯᠠᠮᠵᠢᠯᠠᠯᠲᠦ ᠰᠣᠶᠤᠯ ᠢ᠋ ᠰᠠᠢᠲᠤᠷ  ᠬᠠᠮᠠᠭᠠᠯᠠᠵᠤ᠂ ᠰᠠᠢᠲᠤᠷ ᠬᠥᠭᠵᠢᠭᠦᠯᠦᠨ ᠪᠠᠳᠠᠷᠠᠭᠤᠯᠪᠠᠯ ᠰᠠᠶᠢ ᠳᠤᠮᠳᠠᠳᠤ ᠤ᠋ᠨ ᠰᠣᠶᠤᠯ ᠰᠢᠨ᠎ᠡ ᠴᠠᠭ ᠦᠶ᠎ᠡ ᠳ᠋ᠤ᠌ ᠨᠡᠩ ᠶᠡᠬᠡ ᠨᠦᠯᠦᠭᠡᠯᠡᠬᠦ ᠬᠦᠴᠦᠨ  ᠪᠣᠯᠵᠤ ᠴᠢᠳᠠᠨ᠎ᠠ᠃

 

 

ᠨᠠᠢᠷᠠᠭᠤᠯᠤᠭᠰᠠᠨ ᠨᠢ᠄ ᠵᠤᠯᠠᠨ᠎ᠠ

ᠡᠮᠦᠨᠡᠬᠢ ᠵᠣᠬᠢᠶᠠᠯ:
ᠵᠣᠬᠢᠶᠠᠯ ᠦᠭᠡᠢ ᠪᠣᠯᠵᠠᠢ
ᠳᠠᠷᠠᠭᠠᠬᠢ ᠵᠣᠬᠢᠶᠠᠯ:
ᠵᠣᠬᠢᠶᠠᠯ ᠦᠭᠡᠢ ᠪᠣᠯᠵᠠᠢ

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )

蒙ICP备17000293号-1 蒙公网安备 15010202150932号