ᠪᠠᠷᠠᠭᠤᠨ ᠣᠷᠤᠨ ᠤ᠋ ᠴᠦ᠋ᠬᠡᠨ ᠲᠣᠭᠠᠲᠦ ᠦᠨᠳᠦᠰᠦᠲᠡᠨ ᠦ᠌ ᠲᠤᠤᠯᠢ ᠪᠠ ᠢᠷᠦᠭᠡᠯ ᠮᠠᠭᠲᠠᠭᠠᠯ ᠤ᠋ᠨ ᠶᠡᠬᠡ ᠬᠤᠷᠠᠯ ᠪᠣᠯᠪᠠ
2021.10.21 ᠲᠣᠰ ᠥᠷᠲᠡᠭᠡᠨ ᠦ ᠨᠠᠢᠷᠠᠭᠤᠯᠤᠭᠴᠢ

    10 ᠳ᠋ᠤᠭᠠᠷ ᠰᠠᠷ᠎ᠠ ᠶ᠋ᠢᠨ16 ᠤ᠋ ᠡᠳᠦᠷ᠂《2021• ᠳᠤᠮᠳᠠᠳᠤ ᠤᠯᠤᠰ ᠤ᠋ᠨ ᠪᠠᠷᠠᠭᠤᠨ ᠣᠷᠤᠨ ᠤ᠋ ᠴᠦ᠋ᠬᠡᠨ ᠲᠣᠭᠠᠲᠦ ᠦᠨᠳᠦᠰᠦᠲᠡᠨ ᠤ᠋ ᠲᠤᠤᠯᠢ ᠪᠠ ᠢᠷᠦᠭᠡᠯ ᠮᠠᠭᠲᠠᠭᠠᠯ ᠤ᠋ᠨ ᠶᠡᠬᠡ ᠬᠤᠷᠠᠯ》 ᠬᠥᠬᠡᠬᠣᠲᠠ ᠳ᠋ᠡᠬᠢ ᠥᠪᠦᠷ ᠮᠣᠩᠭᠤᠯ ᠵᠣᠴᠢᠳ ᠤ᠋ᠨ ᠪᠠᠭᠤᠳᠠᠯ ᠳ᠋ᠤ᠌ ᠪᠣᠯᠪᠠ᠃

    ᠲᠤᠰ ᠬᠤᠷᠠᠯ ᠢ᠋ ᠳᠤᠮᠳᠠᠳᠤ ᠤᠯᠤᠰ ᠤ᠋ᠨ ᠠᠷᠠᠳ ᠤ᠋ᠨ ᠠᠮᠠᠨ ᠵᠣᠬᠢᠶᠠᠯ ᠤ᠋ᠨ ᠪᠦᠷᠢᠨ ᠰᠢᠯᠢᠮᠡᠯ ᠢ᠋ ᠬᠡᠪᠯᠡᠭᠦᠯᠬᠦ ᠢᠨᠵᠧᠨᠧᠷᠢᠩ ᠤ᠋ᠨ ᠤᠳᠤᠷᠢᠳᠬᠤ ᠳᠤᠭᠤᠢᠯᠠᠩ ᠤ᠋ᠨ ᠠᠯᠪᠠᠨ ᠭᠡᠷ᠂ ᠳᠤᠮᠳᠠᠳᠤ ᠤᠯᠤᠰ ᠤ᠋ᠨ ᠠᠷᠠᠳ ᠤ᠋ᠨ ᠤᠳᠭ᠎ᠠ ᠤᠷᠠᠯᠢᠭᠴᠢᠳ ᠤ᠋ᠨ ᠨᠡᠢᠭᠡᠮᠯᠢᠭ᠂ ᠥᠪᠦᠷ ᠮᠣᠩᠭᠤᠯ ᠤ᠋ᠨ ᠥᠪᠡᠷᠲᠡᠭᠡᠨ ᠵᠠᠰᠠᠬᠤ ᠣᠷᠤᠨ ᠤ᠋ ᠤᠳᠭ᠎ᠠ ᠤᠷᠠᠯᠢᠭ ᠤ᠋ᠨ ᠬᠢᠨ ᠤ᠋ ᠬᠣᠯᠪᠤᠭ᠎ᠠ ᠡᠴᠡ ᠭᠣᠣᠯᠯᠠᠨ ᠡᠷᠬᠢᠯᠡᠵᠦ᠂ ᠳᠤᠮᠳᠠᠳᠤ ᠤᠯᠤᠰ ᠤ᠋ᠨ ᠠᠷᠠᠳ ᠤ᠋ᠨ ᠠᠮᠠᠨ ᠵᠣᠬᠢᠶᠠᠯ ᠤ᠋ᠨ ᠪᠦᠷᠢᠨ ᠰᠢᠯᠢᠮᠡᠯ ᠢ᠋ ᠬᠡᠪᠯᠡᠭᠦᠯᠬᠦ ᠢᠨᠵᠧᠨᠧᠷᠢᠩ ᠤ᠋ᠨ ᠨᠠᠢᠷᠠᠭᠤᠯᠤᠨ ᠬᠡᠪᠯᠡᠭᠦᠯᠬᠦ ᠠᠵᠢᠯ ᠤ᠋ᠨ ᠵᠥᠪᠯᠡᠯ ᠦ᠋ᠨ ᠠᠯᠪᠠᠨ ᠭᠡᠷ᠂ ᠳᠤᠮᠳᠠᠳᠤ ᠤᠯᠤᠰ ᠤ᠋ᠨ ᠠᠷᠠᠳ ᠤ᠋ᠨ  ᠤᠳᠭ᠎ᠠ ᠤᠷᠠᠯᠢᠭᠴᠢᠳ ᠤ᠋ᠨ ᠨᠡᠢᠭᠡᠮᠯᠢᠭ ᠤ᠋ᠨ ᠣᠨᠤᠯ ᠰᠢᠭᠦᠮᠵᠢ ᠶ᠋ᠢᠨ ᠲᠤᠰᠭᠠᠢ ᠵᠥᠪᠯᠡᠯ᠂ ᠥᠪᠦᠷ ᠮᠣᠩᠭᠤᠯ ᠤ᠋ᠨ ᠠᠷᠠᠳ ᠤ᠋ᠨ ᠤᠳᠭ᠎ᠠ ᠤᠷᠠᠯᠢᠭᠴᠢᠳ ᠤ᠋ᠨ ᠨᠡᠢᠭᠡᠮᠯᠢᠭ᠂ ᠬᠥᠬᠡᠬᠣᠲᠠ ᠶ᠋ᠢᠨ ᠤᠳᠭ᠎ᠠ ᠤᠷᠠᠯᠢᠭ ᠤ᠋ᠨ ᠬᠢᠨ ᠤ᠋ ᠬᠣᠯᠪᠤᠭ᠎ᠠ ᠡᠴᠡ ᠳᠠᠭᠠᠭᠠᠴᠢᠯᠠᠨ ᠡᠷᠬᠢᠯᠡᠵᠦ᠂ ᠬᠥᠬᠡᠬᠣᠲᠠ ᠶ᠋ᠢᠨ ᠠᠷᠠᠳ ᠤ᠋ᠨ ᠤᠳᠭ᠎ᠠ ᠤᠷᠠᠯᠢᠭᠴᠢᠳ ᠤ᠋ᠨ ᠨᠡᠢᠭᠡᠮᠯᠢᠭ ᠡᠴᠡ ᠬᠠᠮᠵᠢᠯᠴᠠᠨ ᠡᠷᠬᠢᠯᠡᠭᠰᠡᠨ ᠪᠠᠢᠨ᠎ᠠ᠃

    ᠬᠤᠷᠠᠯ ᠨᠢ ᠲᠣᠭᠯᠠᠯᠲᠠ᠂ ᠰᠠᠭᠤᠳᠠᠯ ᠤ᠋ᠨ ᠬᠤᠷᠠᠯ ᠭᠡᠰᠡᠨ ᠬᠣᠶᠠᠷ ᠠᠭᠤᠯᠭ᠎ᠠ ᠪᠡᠷ ᠶᠠᠪᠤᠭᠳᠠᠭᠰᠠᠨ ᠪᠥᠭᠡᠳ ᠬᠠᠮᠢᠶ᠎ᠠ ᠪᠦᠬᠦᠢ ᠪᠠᠢᠭᠤᠯᠭ᠎ᠠ ᠶ᠋ᠢᠨ ᠤᠳᠤᠷᠢᠳᠤᠯᠭ᠎ᠠ᠂ ᠠᠷᠠᠳ ᠤ᠋ᠨ ᠠᠮᠠᠨ ᠵᠣᠬᠢᠶᠠᠯ ᠰᠤᠳᠤᠯᠭᠠᠴᠢᠳ᠂  ᠭᠠᠨᠰᠤ᠂ ᠬᠥᠬᠡᠨᠠᠭᠤᠷ᠂ ᠰᠸᠴᠤᠸᠠᠨ᠂ ᠥᠪᠦᠷ ᠮᠣᠩᠭᠤᠯ ᠤ᠋ᠨ ᠥᠪᠡᠷᠲᠡᠭᠡᠨ ᠵᠠᠰᠠᠬᠤ ᠣᠷᠤᠨ ᠵᠡᠷᠭᠡ ᠮᠤᠵᠢ ᠣᠷᠤᠨ ᠤ᠋ᠨ ᠲᠤᠤᠯᠢᠴᠢᠳ᠂ ᠢᠷᠦᠭᠡᠯᠴᠢᠳ ᠣᠷᠤᠯᠴᠠᠵᠠᠢ᠃

 

 

 

 

                          ᠢᠷᠡᠯᠲᠡ᠄ ᠥᠪᠦᠷ ᠮᠣᠩᠭᠤᠯ ᠤ᠋ᠨ ᠮᠣᠩᠭᠤᠯ ᠷᠠᠳᠢᠣ᠋

蒙ICP备17000293号-1 蒙公网安备 15010202150932号