8 ᠳ᠋ᠤᠭᠠᠷ ᠰᠠᠷ᠎ᠠ ᠶᠢᠨ 4 ᠤ ᠡᠳᠦᠷ ᠠᠴᠠ 5 ᠤ ᠡᠳᠦᠷ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ᠂ᠳᠤᠮᠳᠠᠳᠤ ᠤᠯᠤᠰ ᠤᠨ ᠨᠡᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠦᠨᠳᠦᠰᠦᠲᠡᠨ ᠤ ᠤᠳᠬ᠎ᠠ ᠵᠣᠬᠢᠶᠠᠯ ᠰᠤᠳᠤᠯᠬᠤ ᠭᠠᠵᠠᠷ ᠠᠴᠠ ᠭᠤᠤᠯᠯᠠᠨ ᠡᠷᠭᠢᠯᠡᠵᠦ᠂ ᠥᠪᠥᠷ ᠮᠣᠩᠭᠤᠯ ᠤᠨ ᠴᠥᠭᠡᠨ ᠲᠣᠭᠠᠲᠤ ᠦᠨᠳᠦᠰᠦᠲᠡᠨ ᠤ ᠰᠤᠳᠤᠷ ᠪᠢᠴᠢᠭ ᠴᠤᠭᠯᠠᠭᠤᠯᠤᠨ ᠡᠮᠬᠢᠳᠭᠡᠵᠦ ᠰᠤᠳᠤᠯᠬᠤ ᠲᠠᠰᠤᠭ᠂ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ 《ᠵᠠᠩᠭᠠᠷ》 ᠰᠤᠳᠤᠯᠭᠠᠨ ᠤ ᠲᠥᠪ ᠠᠴᠠ ᠳᠠᠭᠠᠭᠠᠴᠢᠯᠠᠨ ᠡᠷᠭᠢᠯᠡᠵᠦ᠂ ᠳᠤᠮᠳᠠᠳᠤ ᠤᠯᠤᠰ ᠤᠨ《ᠵᠠᠩᠭᠠᠷ》ᠰᠤᠳᠤᠯᠭᠠᠨ ᠤ᠋ ᠨᠡᠢᠭᠡᠮᠯᠢᠭ᠂ ᠣᠷᠳᠣᠰ ᠬᠤᠲᠠ ᠶᠢᠨ ᠦᠨᠳᠦᠰᠦᠲᠡᠨ ᠤ ᠵᠥᠪᠯᠡᠯ ᠤᠨ ᠬᠠᠮᠵᠢᠨ ᠡᠷᠭᠢᠯᠡᠭᠰᠡᠨ ᠪᠥᠬᠦ ᠤᠯᠤᠰ ᠤᠨ 《ᠵᠠᠩᠭᠠᠷ》 ᠰᠤᠳᠤᠯᠤᠯ ᠤᠨ ᠡᠷᠳᠡᠮ ᠰᠢᠨᠵᠢᠯᠡᠭᠡᠨ ᠤ ᠰᠤᠳᠤᠯᠤᠨ ᠶᠠᠷᠢᠯᠴᠠᠬᠤ ᠬᠤᠷᠠᠯ ᠥᠪᠥᠷ ᠮᠣᠩᠭᠤᠯ ᠤᠨ ᠣᠷᠳᠣᠰ ᠬᠤᠲᠠ ᠶᠢᠨ ᠡᠵᠡᠨ ᠬᠤᠷᠤᠭ᠎ᠠ ᠬᠤᠰᠢᠭᠤᠨ ᠳᠤ ᠬᠤᠷᠠᠯᠳᠤᠪᠠ᠃
ᠬᠤᠷᠠᠯ ᠳᠡᠭᠡᠷ᠎ᠡ᠂ ᠳᠤᠮᠳᠠᠳᠤ ᠤᠯᠤᠰ ᠤᠨ《ᠵᠠᠩᠭᠠᠷ》ᠰᠤᠳᠤᠯᠭᠠᠨ ᠤ ᠨᠡᠢᠭᠡᠮᠯᠢᠭ ᠤᠨ ᠳᠠᠷᠤᠭ᠎ᠠ ᠰᠡᠴᠡᠨᠪᠠᠲᠤ 《<ᠵᠠᠩᠭᠠᠷ> ᠤᠨ ᠬᠥᠮᠦᠰ ᠤᠨ ᠰᠡᠳᠬᠢᠯ ᠳᠤ ᠬᠦᠷᠦᠭᠰᠡᠨ ᠤ ᠰᠢᠯᠳᠠᠭᠠᠨ》᠂ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠮᠥᠩᠬᠡᠵᠠᠶᠠᠭ᠎ᠠ ᠫᠷᠤᠹᠧᠰᠰᠤᠷ 《ᠵᠠᠩᠭᠠᠷ ᠤᠨ ᠰᠤᠳᠤᠯᠤᠯ ᠪᠣᠯ ᠠᠯᠬᠤᠮ ᠳᠠᠷᠠᠭ᠎ᠠ ᠲᠠᠢ ᠰᠢᠰᠲ᠋ᠧᠮᠲᠦ ᠢᠨᠵᠧᠨᠧᠷᠢᠩ ᠪᠤᠯᠤᠨ᠎ᠠ》 ᠭᠡᠬᠦ ᠰᠡᠳᠦᠪ ᠢᠶᠠᠷ ᠭᠤᠣᠯ ᠰᠡᠳᠦᠪᠲᠦ ᠢᠯᠡᠳᠬᠡᠯ ᠬᠢᠪᠡ᠃ ᠬᠤᠷᠠᠯ ᠳᠤ ᠣᠷᠣᠯᠴᠠᠭᠰᠠᠨ ᠲᠤᠰᠬᠠᠶ ᠮᠡᠷᠭᠡᠵᠢᠯᠲᠡᠨ ᠡᠷᠳᠡᠮᠲᠡᠳ 《ᠵᠠᠩᠭᠠᠷ》 ᠤᠨ ᠭᠤᠤᠯ ᠦᠵᠡᠯ ᠰᠠᠨᠠᠭᠠᠨ ᠤ ᠰᠤᠳᠤᠯᠭᠠᠨ᠂ ᠡᠷᠳᠡᠮ ᠰᠢᠨᠵᠢᠯᠡᠭᠡᠨ ᠤ ᠲᠡᠦᠬᠡ ᠶᠢᠨ ᠰᠤᠳᠤᠯᠭᠠᠨ᠂ ᠤᠷᠠᠯᠢᠭᠴᠢᠨ ᠤ ᠰᠤᠳᠤᠯᠭᠠᠨ᠂ ᠤᠯᠠᠮᠵᠢᠯᠠᠨ ᠵᠠᠯᠭᠠᠮᠵᠢᠯᠠᠬᠤ ᠰᠤᠳᠤᠯᠭᠠᠨ᠂ ᠲᠧᠺᠰᠲ ᠤᠨ ᠰᠤᠳᠤᠯᠭᠠᠨ᠂ ᠪᠠᠷ ᠬᠡᠪᠯᠡᠯ ᠤᠨ ᠰᠤᠳᠤᠯᠭᠠᠨ᠂ ᠬᠡᠯᠡᠨ ᠤ ᠰᠤᠳᠤᠯᠭᠠᠨ᠂ ᠪᠠᠭᠠᠳᠤᠷ ᠤᠨ ᠳᠦᠷᠢ ᠶᠢᠨ ᠰᠤᠳᠤᠯᠭᠠᠨ᠂ ᠰᠣᠶᠣᠯ ᠤᠨ ᠰᠤᠳᠤᠯᠭᠠᠨ᠂ ᠣᠷᠴᠢᠭᠤᠯᠭ᠎ᠠ ᠶᠢᠨ ᠰᠤᠳᠤᠯᠭᠠᠨ᠂ ᠰᠣᠶᠣᠯ ᠤᠨ ᠡᠬᠢ ᠪᠠᠶᠠᠯᠢᠭ ᠢ ᠨᠡᠭᠡᠭᠡᠨ ᠠᠰᠢᠭᠯᠠᠬᠤ ᠰᠤᠳᠤᠯᠭᠠᠨ ᠵᠡᠷᠭᠡ ᠶᠢᠨ ᠲᠣᠭᠤᠷᠢᠨ ᠳᠤ ᠭᠦᠨᠵᠡᠭᠡᠶ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ᠃
ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ 《ᠭᠤᠷᠪᠠᠨ ᠲᠣᠮᠣ ᠲᠤᠤᠯᠢ》 ᠶᠢ ᠤᠯᠠᠮᠵᠢᠯᠠᠨ ᠵᠠᠯᠭᠠᠮᠵᠢᠯᠠᠵᠤ ᠬᠠᠮᠠᠭᠠᠯᠠᠬᠤ ᠲᠤᠬᠠᠢ ᠴᠢᠬᠤᠯᠠ ᠶᠠᠷᠢᠶ᠎ᠠ ᠪᠣᠯᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠤᠨ ᠨᠡᠢᠳᠠᠪᠤᠷᠢᠵᠢᠭᠤᠯᠵᠤ᠂《ᠵᠠᠩᠭᠠᠷ》 ᠢ ᠰᠤᠳᠤᠯᠤᠨ ᠬᠠᠮᠠᠭᠠᠯᠠᠬᠤ ᠪᠠ ᠬᠥᠭᠵᠢᠭᠦᠯᠦᠨ ᠵᠠᠯᠭᠠᠮᠵᠢᠯᠠᠬᠤ ᠶᠢ ᠭᠦᠨᠵᠡᠭᠡᠢ ᠠᠬᠢᠭᠤᠯᠵᠤ᠂ ᠲᠡᠭᠦᠨ ᠳᠤ ᠠᠭᠤᠯᠤᠭᠳᠠᠵᠤ ᠪᠠᠢᠭ᠎ᠠ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠦᠵᠡᠯ ᠰᠠᠨᠠᠭᠠᠨ ᠤ ᠠᠭᠤᠯᠤᠭᠳᠠᠬᠤᠨ ᠢ ᠭᠦᠨᠵᠡᠭᠡᠢ ᠠᠭᠤᠳᠠᠯᠵᠤ᠂ ᠰᠣᠶᠣᠯ ᠤᠨ ᠢᠲᠡᠭᠡᠯ ᠢ ᠨᠡᠮᠡᠭᠳᠡᠭᠦᠯᠵᠦ᠂ ᠳᠤᠮᠳᠠᠳᠤ ᠶᠢᠨ ᠰᠣᠶᠣᠯ ᠤᠨ ᠨᠥᠯᠥᠭᠡᠯᠡᠬᠦ ᠬᠦᠴᠦᠨ ᠢ ᠳᠡᠭᠡᠭᠰᠢᠯᠡᠭᠦᠯᠬᠦ ᠬᠡᠷᠡᠭᠲᠡᠢ᠃ ᠣᠢᠯᠠᠭᠠᠯᠴᠠᠭ᠎ᠠ ᠰᠣᠯᠢᠯᠴᠠᠭ᠎ᠠ ᠪᠠᠨ ᠴᠢᠩᠭᠠᠳᠬᠠᠵᠤ᠂ ᠬᠠᠷᠢᠯᠴᠠᠨ ᠰᠤᠷᠤᠯᠴᠠᠵᠤ ᠬᠠᠷᠢᠯᠴᠠᠨ ᠲᠣᠯᠢᠳᠠᠬᠤ ᠶᠢ ᠠᠬᠢᠭᠤᠯᠵᠤ᠂ ᠤᠯᠠᠮᠵᠢᠯᠠᠭᠴᠢ᠂ ᠵᠠᠯᠭᠠᠮᠵᠢᠯᠠᠭᠴᠢ ᠶᠢ ᠰᠠᠢᠲᠤᠷ ᠬᠥᠮᠦᠵᠢᠭᠦᠯᠵᠦ᠂ ᠳᠤᠮᠳᠠᠳᠤ ᠶᠢᠨ ᠦᠨᠳᠦᠰᠦᠲᠡᠨ ᠤ ᠰᠣᠶᠣᠯ ᠤᠨ ᠥᠪ ᠢ ᠦᠶ᠎ᠡ ᠶᠢᠨ ᠦᠶ᠎ᠡ ᠳᠤ ᠤᠯᠠᠮᠵᠢᠯᠠᠬᠤ ᠬᠡᠷᠡᠭᠲᠡᠢ᠃ ᠤᠯᠠᠨ ᠠᠷᠭ᠎ᠠ ᠵᠠᠮ᠂ ᠤᠯᠠᠨ ᠵᠠᠭᠤᠴᠢᠯᠠᠭᠤᠷ ᠢᠶᠠᠷ 《ᠵᠠᠩᠭᠠᠷ》 ᠤᠨ ᠡᠷᠳᠡᠮ ᠰᠢᠨᠵᠢᠯᠡᠭᠡᠨ ᠤ ᠰᠣᠯᠢᠯᠴᠠᠭ᠎ᠠ ᠪᠣᠯᠤᠨ ᠤᠬᠠᠭᠤᠯᠭ᠎ᠠ ᠳᠡᠯᠭᠡᠷᠡᠭᠦᠯᠦᠯᠲᠡ ᠶᠢ ᠴᠢᠩᠭᠠᠳᠬᠠᠵᠤ᠂ ᠠᠪᠤᠷᠠᠨ ᠬᠠᠮᠠᠭᠠᠯᠠᠭᠰᠠᠨ ᠦᠷ᠎ᠡ ᠪᠦᠲᠦᠭᠡᠯ ᠪᠣᠯᠤᠨ ᠰᠢᠯᠢᠳᠡᠭ ᠪᠠᠷ ᠬᠡᠪᠯᠡᠯ ᠤᠨ ᠦᠷ᠎ᠡ ᠪᠦᠲᠦᠭᠡᠯ ᠢ ᠳᠡᠯᠭᠡᠨ ᠦᠵᠡᠭᠦᠯᠵᠦ᠂ 《ᠵᠠᠩᠭᠠᠷ》 ᠤᠨ ᠰᠣᠶᠣᠯ ᠤᠨ ᠪᠠᠶᠠᠯᠢᠭ ᠠᠭᠤᠯᠤᠭᠳᠠᠬᠤᠨ ᠢ ᠠᠭᠤᠳᠠᠯᠤᠨ ᠪᠠᠳᠠᠷᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠢ ᠪᠠᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠬᠡᠷᠡᠭᠲᠡᠢ᠃ 《ᠵᠠᠩᠭᠠᠷ》 ᠰᠣᠶᠣᠯ ᠢ ᠠᠪᠤᠷᠠᠨ ᠬᠠᠮᠠᠭᠠᠯᠠᠬᠤ ᠳ᠋ᠤ᠌ ᠦᠵᠡᠭᠦᠯᠬᠦ ᠡᠷᠳᠡᠮ ᠰᠢᠨᠵᠢᠯᠡᠭᠡᠨ ᠤ ᠰᠤᠳᠤᠯᠭᠠᠨ ᠤ ᠤᠳᠤᠷᠢᠳᠤᠮᠵᠢ ᠪᠠ ᠲᠤᠯᠭᠠᠭᠤᠷᠢᠯᠠᠬᠤ ᠦᠢᠯᠡᠳᠦᠯ ᠢ ᠭᠦᠢᠴᠡᠳ ᠪᠠᠳᠠᠷᠠᠭᠤᠯᠵᠤ᠂ 《ᠵᠠᠩᠭᠠᠷ》 ᠢ ᠠᠪᠤᠷᠠᠨ ᠬᠠᠮᠠᠭᠠᠯᠠᠬᠤ ᠠᠵᠢᠯ ᠢ ᠤᠯᠤᠰ ᠤᠨ ᠳᠣᠲᠣᠭᠠᠳᠤ ᠳᠤ ᠪᠠ ᠣᠯᠠᠨ ᠤᠯᠤᠰ ᠤᠨ ᠥᠷᠨᠢᠭᠦᠯᠦᠭᠰᠡᠨ ᠰᠢᠨ᠎ᠡ ᠠᠬᠢᠴᠠ ᠰᠢᠨ᠎ᠡ ᠪᠠᠢᠳᠠᠯ ᠢ ᠴᠠᠭ ᠲᠤᠬᠠᠢ ᠳᠤ ᠨᠢ ᠡᠵᠡᠮᠰᠢᠵᠦ᠂ ᠡᠯ᠎ᠡ ᠲᠥᠷᠥᠯ ᠤᠨ ᠡᠷᠳᠡᠮ ᠰᠢᠨᠵᠢᠯᠡᠭᠡᠨ ᠤ ᠰᠤᠳᠤᠯᠤᠨ ᠶᠠᠷᠢᠯᠴᠠᠬᠤ ᠬᠤᠷᠠᠯ᠂ ᠲᠤᠷᠰᠢᠯᠭ᠎ᠠ ᠰᠣᠯᠢᠯᠴᠠᠬᠤ ᠬᠤᠷᠠᠯ ᠢ ᠵᠣᠬᠢᠶᠠᠨ ᠪᠠᠢᠭᠤᠯᠵᠤ ᠬᠤᠷᠠᠯᠳᠤᠭᠤᠯᠬᠤ ᠪᠠᠷ ᠳᠡᠮᠵᠢᠵᠦ᠂ ᠣᠯᠠᠨ ᠰᠢᠨᠵᠢᠯᠡᠭᠡᠨ ᠤ ᠰᠤᠳᠤᠯᠭᠠᠨ ᠤ ᠠᠷᠭ᠎ᠠ ᠶᠢ ᠰᠢᠩᠭᠡᠭᠡᠨ ᠠᠪᠴᠤ᠂ ᠡᠷᠳᠡᠮ ᠰᠢᠨᠵᠢᠯᠡᠭᠡᠨ ᠤ ᠰᠢᠯᠢᠳᠡᠭ ᠦᠷ᠎ᠡ ᠪᠦᠲᠦᠭᠡᠯ ᠢ᠋ ᠣᠯᠠᠨ ᠭᠠᠷᠭᠠᠬᠤ ᠬᠡᠷᠡᠭᠲᠡᠢ ᠭᠡᠵᠦ ᠱᠠᠭᠠᠷᠳᠠᠪᠠ᠃
ᠡᠨᠡ ᠤᠳᠠᠭ᠎ᠠ ᠶᠢᠨ ᠬᠤᠷᠠᠯ ᠪᠤᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ《ᠵᠠᠩᠭᠠᠷ》 ᠢ ᠬᠠᠮᠠᠭᠠᠯᠠᠬᠤ ᠪᠠᠢᠭᠤᠯᠭ᠎ᠠ ᠪᠣᠯᠤᠭᠰᠠᠨ ᠤ ᠳᠠᠷᠠᠭ᠎ᠠ ᠬᠤᠷᠠᠯᠳᠤᠭᠤᠯᠤᠭᠰᠠᠨ ᠪᠦᠬᠦ ᠤᠯᠤᠰ ᠤᠨ ᠬᠡᠪᠴᠢᠶᠡᠨ ᠳᠤ ᠪᠤᠯᠤᠭᠰᠠᠨ 《ᠵᠠᠩᠭᠠᠷ》 ᠰᠤᠳᠤᠯᠤᠯ ᠤᠨ ᠡᠷᠳᠡᠮ ᠰᠢᠨᠵᠢᠯᠡᠭᠡᠨ ᠤ ᠠᠩᠬᠠᠳᠤᠭᠠᠷ ᠬᠤᠷᠠᠯ ᠪᠤᠯᠤᠨ᠎ᠠ᠃ ᠬᠤᠷᠠᠯ ᠳᠡᠭᠡᠷ᠎ᠠ ᠪᠠᠰᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ᠂ ᠰᠢᠨᠵᠢᠶᠠᠩ ᠤᠨ ᠤᠢᠭᠤᠷ ᠤᠨ ᠥᠪᠡᠷᠲᠡᠭᠡᠨ ᠵᠠᠰᠠᠬᠤ ᠣᠷᠣᠨ᠂ ᠬᠥᠬᠡᠨᠠᠭᠤᠷ ᠮᠤᠵᠢ᠂ ᠭᠠᠨᠰᠦ ᠮᠤᠵᠢ᠂ ᠪᠡᠭᠡᠵᠢᠩ ᠬᠤᠳᠠ ᠵᠡᠷᠭᠡ ᠭᠠᠵᠠᠷ ᠤᠨ ᠲᠤᠰᠬᠠᠢ ᠮᠡᠷᠭᠡᠵᠢᠯᠲᠡᠨ ᠡᠷᠳᠡᠮᠲᠡᠨ ᠤ ᠲᠤᠰᠬᠠᠢ ᠰᠡᠳᠦᠪᠲᠦ ᠰᠤᠳᠤᠯᠭᠠᠨ ᠤ ᠥᠭᠦᠯᠡᠯ ᠢ 61 ᠬᠤᠪᠢ ᠬᠦᠯᠢᠶᠠᠨ ᠠᠪᠴᠠᠢ᠃ ᠪᠥᠬᠦ ᠤᠯᠤᠰ ᠤᠨ ᠡᠯ᠎ᠡ ᠶᠡᠭᠡ ᠳᠡᠭᠡᠳᠦ ᠰᠤᠷᠭᠠᠭᠤᠯᠢ ᠪᠣᠯᠤᠨ ᠰᠢᠨᠵᠢᠯᠡᠬᠦ ᠤᠬᠠᠭᠠᠨ ᠤ ᠰᠤᠳᠤᠯᠭᠠᠨ ᠤ ᠨᠢᠭᠡᠴᠢ ᠶᠢᠨ ᠲᠤᠰᠬᠠᠶ ᠮᠡᠷᠭᠡᠵᠢᠯᠲᠡᠨ ᠡᠷᠳᠡᠮᠲᠡᠨ᠂ ᠥᠪᠥᠷ ᠮᠣᠩᠭᠤᠯ ᠤᠨ ᠡᠯ᠎ᠡ ᠠᠢᠮᠠᠭ ᠬᠤᠲᠠ ᠶᠢᠨ ᠦᠨᠳᠦᠰᠦᠲᠡᠨ ᠤ ᠵᠥᠪᠯᠡᠯ ᠤᠨ ᠲᠥᠯᠥᠭᠡᠯᠡᠭᠴᠢ᠂ ᠰᠣᠨᠢᠨ ᠮᠡᠳᠡᠭᠡᠨ ᠤ ᠵᠠᠭᠤᠴᠢᠯᠠᠭᠤᠷ ᠤᠨ ᠰᠤᠷᠪᠤᠯᠵᠢᠯᠠᠭᠴᠢ ᠵᠡᠷᠭᠡ 70 ᠰᠢᠬᠠᠮ ᠬᠥᠮᠦᠨ ᠬᠤᠷᠠᠯ ᠳᠤ ᠣᠷᠣᠯᠴᠠᠵᠠᠶ᠃
ᠢᠷᠡᠯᠲᠡ᠄ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ᠋ ᠦᠨᠳᠦᠰᠦᠲᠡᠨ ᠦ᠌ ᠬᠡᠷᠡᠭ ᠡᠷᠭᠢᠯᠡᠬᠦ ᠵᠥᠪᠯᠡᠯ