8 ᠳ᠋ᠤᠭᠠᠷ ᠰᠠᠷ᠎ᠠ ᠶᠢᠨ 5 ᠠᠴᠠ 7 ᠤ ᠡᠳᠦᠷ ᠪᠣᠯᠲᠠᠯ᠎ᠠ᠂ ᠪᠥᠬᠦ ᠤᠯᠤᠰ ᠤᠨ 《ᠵᠠᠩᠭᠠᠷ》 ᠰᠤᠳᠤᠯᠤᠯ ᠤᠨ ᠡᠷᠳᠡᠮ ᠰᠢᠨᠵᠢᠯᠡᠭᠡᠨ ᠤ ᠰᠤᠳᠤᠯᠤᠨ ᠶᠠᠷᠢᠯᠴᠠᠬᠤ ᠬᠤᠷᠠᠯ ᠳᠤ ᠣᠷᠣᠯᠴᠠᠭᠰᠠᠳ ᠣᠷᠳᠣᠰ ᠬᠤᠲᠠ ᠶᠢᠨ ᠬᠠᠩᠭᠢᠨ ᠬᠤᠰᠢᠭᠤ᠂ ᠦᠦᠰᠢᠨ ᠬᠤᠰᠢᠭᠤᠨ ᠳᠤ ᠬᠦᠷᠴᠦ ᠪᠠᠢᠴᠠᠭᠠᠨ ᠰᠤᠳᠤᠯᠤᠯᠲᠠ ᠬᠢᠪᠠ᠃
ᠪᠠᠢᠴᠠᠭᠠᠨ ᠰᠤᠳᠤᠯᠬᠤ ᠳᠤᠭᠤᠢᠯᠠᠩ ᠤᠨ ᠬᠢᠨ ᠬᠠᠩᠭᠢᠨ ᠬᠤᠰᠢᠭᠤᠨ ᠤ 《ᠵᠠᠩᠭᠠᠷ》 ᠤᠨ ᠰᠤᠷᠤᠯᠭᠠᠲᠠᠳ ᠤᠨ ᠬᠠᠷᠢᠭᠤ ᠮᠡᠳᠡᠭᠦᠯᠦᠯᠲᠡ ᠶᠢᠨ ᠲᠣᠭᠯᠠᠯᠲᠠ ᠶᠢ ᠰᠣᠨᠢᠷᠬᠠᠵᠤ᠂ ᠬᠠᠩᠭᠢᠨ ᠬᠤᠰᠢᠭᠤᠨ ᠤ ᠶᠡᠷᠦᠩᠬᠡᠢ ᠮᠦᠽᠧᠢ᠂ ᠬᠦᠷᠦ ᠳᠠᠭᠤᠤ ᠶᠢᠨ ᠮᠦᠽᠧᠢ᠂ ᠦᠦᠰᠢᠨ ᠬᠤᠰᠢᠭᠤᠨ ᠤ 《ᠵᠠᠩᠭᠠᠷ》 ᠤᠷᠠᠯᠢᠭ ᠤᠨ ᠲᠥᠪ ᠳᠤ ᠬᠦᠷᠴᠦ ᠲᠣᠭᠤᠷᠢᠨ ᠦᠵᠡᠵᠦ ᠰᠢᠨᠵᠢᠯᠡᠨ ᠪᠠᠢᠴᠠᠭᠠᠵᠤ᠂ 《ᠵᠠᠩᠭᠠᠷ》 ᠰᠣᠶᠣᠯ ᠢ ᠲᠦᠭᠡᠮᠡᠯᠵᠢᠭᠦᠯᠦᠨ ᠤᠯᠠᠮᠵᠢᠯᠠᠬᠤ ᠪᠠ ᠵᠢᠭᠠᠨ ᠰᠤᠷᠭᠠᠬᠤ ᠠᠵᠢᠯ ᠢ ᠥᠷᠨᠢᠭᠦᠯᠵᠦ ᠪᠠᠢᠭ᠎ᠠ ᠪᠠᠢᠳᠠᠯ ᠢ ᠣᠢᠯᠠᠭᠠᠵᠤ᠂ 《ᠵᠠᠩᠭᠠᠷ ᠤᠨ ᠠᠷᠪᠠᠨ ᠬᠤᠶᠠᠷ ᠪᠠᠭᠠᠲᠤᠷ ᠤᠨ ᠮᠠᠭᠲᠠᠭᠠᠯ》 ᠭᠡᠬᠦ ᠤᠷᠠᠨ ᠰᠠᠢᠬᠠᠨ ᠤ ᠲᠣᠭᠯᠠᠯᠲᠠ ᠶᠢ ᠬᠠᠮᠲᠤ ᠪᠠᠷ ᠰᠣᠨᠢᠷᠬᠠᠭᠰᠠᠨ ᠪᠥᠭᠡᠳ ᠪᠤᠳᠤᠯ ᠰᠠᠨᠠᠯ ᠢᠶᠠᠨ ᠰᠣᠯᠢᠯᠴᠠᠵᠤ ᠰᠤᠳᠤᠯᠤᠨ ᠶᠠᠷᠢᠯᠴᠠᠬᠤ ᠬᠤᠷᠠᠯ ᠬᠤᠷᠠᠯᠳᠤᠭᠤᠯᠪᠠ᠃
ᠳᠤᠮᠳᠠᠳᠤ ᠤᠯᠤᠰ ᠤᠨ 《ᠵᠠᠩᠭᠠᠷ》 ᠰᠤᠳᠤᠯᠤᠯ ᠤᠨ ᠨᠡᠢᠭᠡᠮᠯᠢᠭ ᠤᠨ ᠳᠠᠷᠤᠭ᠎ᠠ᠂ ᠳᠤᠮᠳᠠᠳᠤ ᠤᠯᠤᠰ ᠤᠨ ᠨᠡᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠦᠨᠳᠦᠰᠦᠲᠡᠨ ᠤ ᠤᠳᠬ᠎ᠠ ᠵᠣᠬᠢᠶᠠᠯ ᠰᠤᠳᠤᠯᠬᠤ ᠭᠠᠵᠠᠷ ᠤᠨ ᠰᠠᠬᠢᠯᠭ᠎ᠠ ᠪᠠᠲᠤ ᠪᠠᠢᠴᠠᠭᠠᠬᠤ ᠱᠦᠵᠢ᠂ ᠳᠡᠳ᠋ ᠳᠠᠷᠤᠭ᠎ᠠ᠂ ᠰᠤᠳᠤᠯᠤᠭᠴᠢ ᠰᠡᠴᠡᠨᠪᠠᠲᠤ ᠨᠥᠬᠦᠷ ᠬᠠᠩᠭᠢᠨ ᠬᠤᠰᠢᠭᠤ ᠪᠣᠯᠤᠨ ᠦᠦᠰᠢᠨ ᠬᠤᠰᠢᠭᠤᠨ ᠤ 《ᠵᠠᠩᠭᠠᠷ》 ᠢ ᠤᠯᠠᠮᠵᠢᠯᠠᠨ ᠳᠡᠯᠭᠡᠷᠡᠭᠦᠯᠬᠦ ᠠᠵᠢᠯ ᠢ ᠨᠤᠲᠠᠯᠠᠬᠰᠠᠨ ᠪᠦᠭᠡᠳ ᠬᠤᠶᠠᠷ ᠭᠠᠵᠠᠷ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ 《ᠳᠤᠮᠳᠠᠳᠤ ᠤᠯᠤᠰ ᠤᠨ ᠭᠤᠷᠪᠠᠨ ᠲᠣᠮᠣ ᠲᠤᠤᠯᠢ》 ᠶᠢ ᠬᠠᠮᠠᠭᠠᠯᠠᠵᠤ ᠤᠯᠠᠮᠵᠢᠯᠠᠬᠤ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ 《ᠵᠠᠩᠭᠠᠷ》 ᠤᠨ ᠲᠤᠤᠯᠢ ᠶᠢ ᠬᠠᠮᠠᠭᠠᠯᠠᠨ ᠤᠯᠠᠮᠵᠢᠯᠠᠬᠤ ᠪᠠ ᠳᠡᠯᠭᠡᠷᠡᠭᠦᠯᠬᠦ ᠠᠵᠢᠯ ᠢ ᠦᠷᠭᠦᠯᠵᠢᠯᠡᠨ ᠭᠦᠨᠵᠡᠭᠡᠢ ᠰᠠᠢᠲᠦᠷ ᠬᠢᠵᠦ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ ᠡᠬᠢ ᠪᠠᠶᠠᠯᠢᠭ ᠢ ᠭᠦᠨᠵᠡᠭᠡᠶ ᠠᠭᠤᠳᠠᠯᠵᠦ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠦᠷᠭᠦᠯᠵᠢᠯᠡᠨ ᠪᠠᠲᠤᠳᠬᠠᠬᠤ ᠶᠢ ᠬᠦᠰᠡᠵᠡᠢ᠃
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ