2 ᠳ᠋ᠤᠭᠠᠷ ᠰᠠᠷ᠎ᠠ ᠶᠢᠨ 16 ᠤ ᠡᠳᠦᠷ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ ᠤᠨ ᠨᠠᠮ ᠤᠨ ᠤᠳᠤᠷᠢᠳᠬᠤ ᠳᠤᠭᠤᠢᠯᠠᠩ ᠤᠨ ᠪᠦᠷᠢᠯᠳᠦᠬᠦᠨ᠂ ᠳᠡᠳ᠋ ᠡᠷᠬᠢᠯᠡᠭᠴᠢ ᠶᠦᠨ ᠭᠦᠸᠧ ᠱᠧᠩ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠥᠭᠡᠨ ᠲᠣᠭᠠᠲᠤ ᠦᠨᠳᠦᠰᠦᠲᠡᠨ ᠤ ᠰᠤᠳᠤᠷ ᠪᠢᠴᠢᠭ ᠰᠤᠳᠤᠯᠬᠤ ᠲᠠᠰᠤᠭ ᠤᠨ ᠬᠠᠮᠢᠶ᠎ᠠ ᠪᠥᠬᠦᠶ ᠨᠥᠬᠦᠳ ᠢ ᠳᠠᠭᠠᠭᠤᠯᠤᠨ ᠲᠦᠮᠡᠳ ᠵᠡᠭᠦᠨ ᠬᠤᠰᠢᠭᠤᠨ ᠤ ᠲᠠᠩᠰᠠ ᠡᠪᠬᠡᠮᠡᠯ ᠤᠨ ᠮᠦᠽᠧᠢ ᠳᠤ ᠬᠦᠷᠴᠦ ᠪᠠᠢᠴᠠᠭᠠᠨ ᠰᠤᠳᠤᠯᠵᠤ ᠶᠠᠷᠢᠯᠴᠠᠬᠤ ᠬᠤᠷᠠᠯ ᠬᠢᠪᠠ᠃
ᠶᠦᠨ ᠭᠦᠸᠧ ᠱᠧᠩ ᠨᠡᠷ ᠡᠩ ᠲᠡᠷᠢᠭᠦᠨ ᠳᠤ ᠲᠦᠮᠡᠳ ᠵᠡᠭᠦᠨ ᠬᠤᠰᠢᠭᠤᠨ ᠤ ᠲᠠᠩᠰᠠ ᠡᠪᠬᠡᠮᠡᠯ ᠤᠨ ᠮᠦᠽᠧᠢ ᠶᠢᠨ ᠬᠠᠳᠠᠭᠠᠯᠠᠯᠳᠠ ᠶᠢᠨ ᠲᠠᠰᠤᠭ᠂ ᠮᠠᠲ᠋ᠧᠷᠢᠶᠠᠯ ᠤᠨ ᠲᠠᠰᠤᠭ᠂ ᠤᠩᠰᠢᠨ ᠯᠠᠪᠯᠠᠬᠤ ᠲᠠᠰᠤᠭ ᠲᠤ ᠬᠦᠷᠴᠦ ᠪᠠᠢᠴᠠᠭᠠᠨ ᠦᠵᠡᠭᠰᠡᠨ ᠪᠥᠭᠡᠳ ᠬᠠᠷᠢᠭᠤ ᠮᠡᠳᠡᠭᠦᠯᠦᠯᠲᠡ ᠶᠢ ᠰᠤᠨᠤᠰᠪᠠ᠃
ᠬᠤᠷᠠᠯ ᠠᠴᠠ᠂ ᠲᠦᠮᠡᠳ ᠵᠡᠭᠦᠨ ᠬᠤᠰᠢᠭᠤ ᠪᠣᠯ ᠦᠨᠳᠦᠰᠦᠲᠡᠨ ᠨᠦᠭᠦᠳ ᠤᠨ ᠶᠠᠪᠤᠯᠴᠠᠭ᠎ᠠ᠂ ᠰᠤᠯᠢᠯᠴᠠᠭ᠎ᠠ᠂ ᠠᠭᠤᠰᠤᠯᠴᠠᠯ ᠤᠨ ᠨᠡᠢᠲᠡᠯᠢᠭ ᠭᠠᠵᠠᠷ ᠤᠷᠤᠨ ᠪᠣᠯᠤᠨ᠎ᠠ᠂ ᠲᠦᠮᠡᠳ ᠤᠨ ᠲᠡᠦᠬᠡ ᠶᠢᠨ ᠲᠠᠩᠰᠠ ᠡᠪᠬᠡᠮᠡᠯ ᠨᠢ 300 ᠭᠠᠷᠤᠶ ᠵᠢᠯ ᠤᠨ ᠳᠡᠦᠬᠡ ᠲᠠᠢ᠂ ᠮᠠᠰᠢ ᠬᠤᠪᠣᠷ ᠨᠠᠨᠳᠢᠨ ᠮᠠᠲ᠋ᠧᠷᠢᠶᠠᠯ ᠶᠤᠮ᠂ ᠡᠳᠡᠭᠡᠷ ᠮᠠᠲ᠋ᠧᠷᠢᠶᠠᠯ ᠤᠨ ᠦᠨ᠎ᠡ ᠥᠷᠲᠡᠭ ᠬᠡᠮᠵᠢᠶᠡᠯᠡᠰᠢ ᠥᠬᠡᠶ ᠮᠦᠷᠳᠡᠬᠡᠨ ᠦᠨᠳᠦᠰᠦᠲᠡᠨ ᠨᠦᠭᠦᠳ ᠤᠨ ᠶᠠᠪᠤᠯᠴᠠᠭ᠎ᠠ᠂ ᠰᠣᠯᠢᠯᠴᠠᠭ᠎ᠠ᠂ ᠠᠭᠤᠰᠤᠯᠴᠠᠯ ᠤᠨ ᠲᠡᠦᠬᠡ ᠶᠢ ᠬᠠᠮᠤᠭ ᠠᠴᠠ ᠢᠯᠡᠭᠦᠦ ᠢᠯᠡᠷᠡᠭᠦᠯᠵᠦ ᠪᠠᠢᠳᠠᠭ ᠶᠤᠮ᠃ ᠰᠤᠳᠤᠷ ᠪᠢᠴᠢᠭ ᠪᠠ《ᠶᠠᠪᠤᠯᠴᠠᠭ᠎ᠠ᠂ ᠰᠤᠯᠢᠯᠴᠠᠭ᠎ᠠ᠂ ᠠᠭᠤᠰᠤᠯᠴᠠᠯ》 ᠤᠨ ᠲᠡᠦᠬᠡᠨ ᠮᠠᠲ᠋ᠧᠷᠢᠶᠠᠯ ᠢ ᠡᠮᠬᠢᠳᠬᠡᠨ ᠨᠠᠢᠷᠠᠭᠤᠯᠬᠤ ᠠᠵᠢᠯ ᠤᠨ ᠲᠤᠬᠠᠢ ᠳᠡᠭᠡᠳᠦ ᠱᠠᠲᠤᠨ ᠤ ᠰᠠᠯᠠᠭ᠎ᠠ ᠮᠥᠴᠢᠷ ᠤᠨ ᠵᠢᠭᠠᠪᠤᠷᠢ ᠶᠢᠨ ᠵᠣᠷᠢᠭ ᠰᠠᠨᠠᠭ᠎ᠠ ᠪᠠᠷ᠂ ᠲᠦᠮᠡᠳ ᠤᠨ ᠲᠡᠦᠬᠡ ᠶᠢᠨ ᠳᠠᠩᠰᠠ ᠡᠪᠬᠡᠮᠡᠯ ᠢ ᠡᠮᠬᠢᠯᠡᠨ ᠰᠤᠳᠤᠯᠬᠤ ᠶᠢᠨ ᠬᠠᠮᠲᠤ ᠠᠰᠢᠭᠯᠠᠵᠤ᠂ ᠲᠡᠦᠬᠡ ᠶᠢᠨ ᠳᠠᠩᠰᠠ ᠡᠪᠬᠡᠮᠡᠯ ᠤᠨ ᠬᠤᠪᠣᠷ ᠨᠠᠨᠳᠢᠨ ᠰᠤᠷᠪᠤᠯᠵᠢ ᠪᠢᠴᠢᠭ ᠤᠨ ᠮᠠᠲ᠋ᠧᠷᠢᠶᠠᠯ ᠤᠨ ᠦᠢᠯᠡᠳᠦᠯ ᠢ ᠰᠠᠢᠲᠤᠷ ᠪᠠᠳᠠᠷᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠬᠡᠷᠡᠭᠲᠡᠢ ᠬᠡᠵᠦ ᠵᠢᠭᠠᠵᠤ ᠵᠢᠷᠭᠠᠪᠠ᠃
ᠬᠥᠬᠡᠬᠤᠲᠠ ᠶᠢᠨ ᠦᠨᠳᠦᠰᠦᠲᠡᠨ ᠤ ᠵᠥᠪᠯᠡᠯ ᠤᠨ ᠬᠠᠷᠢᠭᠤᠴᠠᠯᠭᠠᠲᠠᠨ ᠨᠥᠬᠦᠳ᠂ ᠲᠦᠮᠡᠳ ᠵᠡᠭᠦᠨ ᠬᠤᠰᠢᠭᠤᠨ ᠤ ᠨᠠᠮ ᠤᠨ ᠬᠤᠷᠢᠶ᠎ᠠ᠂ ᠨᠢᠭᠡᠳᠦᠮᠡᠯ ᠹᠷᠣᠨᠲ ᠤᠨ ᠬᠡᠯᠲᠡᠰ ᠤᠨ ᠬᠠᠷᠢᠭᠤᠴᠠᠯᠭᠠᠲᠠᠨ ᠨᠥᠬᠦᠳ ᠪᠠᠷ᠎ᠠ ᠪᠣᠯᠵᠣ ᠪᠠᠢᠴᠠᠭᠠᠨ ᠰᠤᠳᠤᠯᠪᠠ᠃