8 ᠳ᠋ᠤᠭᠠᠷ ᠰᠠᠷ᠎ᠠ ᠶᠢᠨ 31 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠥᠭᠡᠨ ᠲᠣᠭᠠᠲᠤ ᠦᠨᠳᠦᠰᠦᠲᠡᠨ ᠤ ᠰᠤᠳᠤᠷ ᠪᠢᠴᠢᠭ ᠴᠤᠭᠯᠠᠭᠤᠯᠤᠨ ᠡᠮᠬᠢᠳᠭᠡᠵᠦ ᠰᠤᠳᠤᠯᠬᠤ ᠲᠠᠰᠤᠭ ᠤᠨ ᠨᠠᠮ ᠤᠨ ᠡᠭᠦᠷ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠤᠯ ᠰᠡᠳᠦᠪᠲᠦ ᠬᠥᠮᠦᠵᠢᠯ ᠤᠨ ᠲᠤᠰᠬᠠᠶ ᠰᠡᠳᠦᠪᠲᠦ ᠵᠣᠬᠢᠶᠠᠨ ᠪᠠᠢᠭᠤᠯᠤᠯᠲᠠ ᠶᠢᠨ ᠠᠮᠢᠳᠤᠷᠠᠯ ᠤᠨ ᠬᠤᠷᠠᠯ ᠢ᠋ ᠬᠤᠷᠠᠯᠳᠤᠭᠤᠯᠪᠠ᠃
ᠬᠤᠷᠠᠯ ᠠᠴᠠ ᠡᠮᠦᠨ᠎ᠡ᠂ ᠥᠪᠦᠷ ᠮᠤᠩᠭᠤᠯ ᠤᠨ ᠥᠪᠡᠷᠳᠡᠬᠡᠨ ᠵᠠᠰᠠᠬᠤ ᠤᠷᠤᠨ ᠤ ᠦᠨᠳᠦᠰᠦᠳᠡᠨ ᠤ ᠵᠦᠪᠯᠡᠯ ᠤᠨ ᠰᠢ ᠶᠢᠨ ᠫᠢᠩ ᠤᠨ ᠰᠢᠨ᠎ᠡ ᠴᠠᠭ ᠦᠶ᠎ᠡ ᠶ᠋ᠢᠨ ᠳᠤᠮᠳᠠᠳᠤ ᠤᠯᠤᠰ ᠤ᠋ᠨ ᠣᠨᠴᠠᠯᠢᠭ ᠲᠠᠢ ᠨᠡᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠤᠯ ᠰᠡᠳᠦᠪᠲᠦ ᠬᠦᠮᠦᠵᠢᠯ ᠤ᠋ᠨ ᠲᠤᠰᠬᠠᠢ ᠰᠡᠳᠦᠪᠳᠤ ᠵᠣᠬᠢᠶᠠᠨ ᠪᠠᠢᠭᠤᠯᠤᠯᠲᠠ ᠶᠢᠨ ᠠᠮᠢᠳᠤᠷᠠᠯ ᠤᠨ ᠬᠤᠷᠠᠯ ᠢ ᠨᠠᠷᠢᠨ ᠬᠢᠨᠠᠮᠠᠭᠠᠶ ᠰᠠᠢᠲᠤᠷ ᠬᠤᠷᠠᠯᠳᠤᠭᠤᠯᠬᠤ ᠲᠤᠬᠠᠶ ᠮᠡᠳᠡᠭᠳᠡᠯ ᠤᠨ ᠱᠠᠭᠠᠷᠳᠠᠯᠭ᠎ᠠ ᠶᠣᠰᠣᠭᠠᠷ᠂ ᠨᠠᠮ ᠤᠨ ᠭᠡᠰᠢᠭᠦᠨ ᠺᠠᠳ᠋ᠷᠴᠤᠳ ᠢᠶᠠᠨ ᠵᠣᠬᠢᠶᠠᠨ ᠪᠠᠢᠭᠤᠯᠵᠤ ᠴᠢᠬᠤᠯᠠ ᠪᠢᠴᠢᠭ ᠮᠠᠲ᠋ᠧᠷᠢᠶᠠᠯ ᠪᠠ ᠳᠦᠷᠢᠮ ᠲᠣᠭᠲᠠᠭᠠᠯ ᠢ ᠰᠤᠷᠤᠯᠴᠠᠭᠤᠯᠵᠤ᠂ ᠵᠢᠱ᠌ᠢᠶᠡᠴᠢ ᠥᠪᠡᠷᠲᠡᠭᠡᠨ ᠵᠠᠰᠠᠬᠤ ᠣᠷᠣᠨ ᠢ ᠪᠦᠲᠦᠭᠡᠨ ᠪᠠᠢᠭᠤᠯᠬᠤ ᠠᠵᠢᠯ ᠤᠨ ᠳᠤᠮᠳᠠ ᠳᠤᠰ ᠴᠠᠷᠠᠭ᠎ᠠ ᠬᠦᠷᠢᠶᠠᠨ ᠳᠤ ᠦᠢᠯᠡᠳᠦᠯ ᠢᠶᠠᠨ ᠬᠡᠷᠬᠢᠨ ᠰᠠᠢᠲᠤᠷ ᠪᠠᠳᠠᠷᠠᠭᠤᠯᠬᠤ ᠲᠠᠢ ᠤᠶᠠᠯᠳᠤᠭᠤᠯᠤᠨ 《ᠳᠠᠪᠠᠭᠤᠯᠢᠭ ᠢᠶᠠᠨ ᠪᠠᠳᠠᠷᠠᠭᠤᠯᠬᠤ᠂ ᠵᠥᠷᠢᠶ᠎ᠡ ᠪᠠᠨ ᠡᠷᠢᠬᠦ᠂ ᠬᠥᠭᠵᠢᠯᠲᠡ ᠶᠢ ᠠᠬᠢᠭᠤᠯᠬᠤ》 ᠲᠤᠰᠬᠠᠶ ᠰᠡᠳᠦᠪᠲᠦ ᠰᠤᠳᠤᠯᠤᠨ ᠶᠠᠷᠢᠯᠴᠠᠬᠤ ᠬᠤᠷᠠᠯ ᠢ ᠬᠤᠷᠠᠯᠳᠣᠭᠤᠯᠵᠤ᠂ ᠨᠠᠮ ᠤᠨ ᠡᠭᠦᠷ ᠤᠨ ᠱᠦᠵᠢ ᠪᠤᠯᠤᠨ ᠨᠠᠮ ᠤᠨ ᠡᠭᠦᠷ ᠤᠨ ᠭᠡᠰᠢᠭᠦᠨ᠂ ᠨᠠᠮ ᠤᠨ ᠬᠡᠰᠢᠬᠦᠳ ᠤᠨ ᠬᠤᠭᠤᠷᠣᠨᠳᠤ᠂ ᠨᠠᠮ ᠤᠨ ᠡᠭᠦᠷ ᠤᠨ ᠭᠡᠰᠢᠭᠦᠨ ᠪᠣᠯᠤᠨ ᠨᠠᠮ ᠤᠨ ᠬᠡᠰᠢᠬᠦᠳ ᠬᠤᠭᠤᠷᠤᠨᠳᠤ ᠪᠠᠨ ᠰᠡᠳᠬᠢᠯ ᠰᠠᠨᠠᠭ᠎ᠠ ᠪᠠᠨ ᠰᠤᠯᠢᠯᠴᠠᠵᠤ᠂ ᠠᠰᠠᠭᠤᠳᠠᠯ ᠢ ᠪᠦᠬᠦ ᠲᠠᠯ᠎ᠠ ᠪᠠᠷ ᠭᠦᠨᠵᠡᠭᠡᠶ ᠪᠠᠢᠴᠠᠭᠠᠨ ᠳᠡᠯᠬᠡᠵᠦ᠂ ᠭᠤᠤᠯ ᠰᠡᠳᠦᠪᠲᠦ ᠬᠥᠮᠦᠵᠢᠯ ᠤᠨ ᠲᠤᠰᠬᠠᠶ ᠰᠡᠳᠦᠪᠲᠦ ᠵᠣᠬᠢᠶᠠᠨ ᠪᠠᠢᠭᠤᠯᠤᠯᠲᠠ ᠶᠢᠨ ᠠᠮᠢᠳᠤᠷᠠᠯ ᠤᠨ ᠬᠤᠷᠠᠯ ᠢ ᠰᠠᠢᠲᠤᠷ ᠬᠤᠷᠠᠯᠳᠤᠭᠤᠯᠬᠤ ᠳᠤ ᠪᠠᠲᠤ ᠪᠠᠬᠢ ᠰᠠᠭᠤᠷᠢ ᠶᠢ ᠳᠠᠯᠪᠢᠪᠠ᠃
ᠬᠤᠷᠠᠯ ᠳᠡᠬᠡᠷ᠎ᠠ᠂ ᠨᠠᠮ ᠤᠨ ᠡᠭᠦᠷ ᠤᠨ ᠱᠦᠵᠢ ᠰᠣᠶᠣᠯᠲᠤ ᠶᠠᠭᠤᠨ ᠤ ᠤᠷᠢᠳ ᠨᠠᠮ ᠤᠨ ᠡᠭᠦᠷ ᠢ ᠲᠥᠯᠥᠭᠡᠯᠡᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠤᠯ ᠰᠡᠳᠦᠪᠲᠦ ᠬᠦᠮᠦᠵᠢᠯ ᠤ᠋ᠨ ᠲᠤᠰᠬᠠᠢ ᠰᠡᠳᠦᠪᠳᠤ ᠵᠣᠬᠢᠶᠠᠨ ᠪᠠᠢᠭᠤᠯᠤᠯᠲᠠ ᠶᠢᠨ ᠠᠮᠢᠳᠤᠷᠠᠯ ᠤᠨ ᠬᠤᠷᠠᠯ ᠤᠨ ᠠᠵᠢᠯ ᠤᠨ ᠮᠡᠳᠡᠭᠦᠯᠦᠯᠲᠡ ᠬᠢᠵᠦ᠂ ᠭᠤᠤᠯ ᠰᠡᠳᠦᠪᠲᠦ ᠬᠥᠮᠦᠵᠢᠯ ᠢ ᠥᠷᠨᠢᠭᠦᠯᠦᠭᠰᠡᠨ ᠠᠴᠠ ᠨᠠᠭᠠᠰᠢᠬᠢ ᠠᠵᠢᠯ ᠤᠨ ᠪᠠᠢᠳᠠᠯ ᠢ ᠪᠥᠬᠦ ᠲᠠᠯ᠎ᠠ ᠪᠠᠷ ᠳ᠋ᠦᠩᠨᠡᠬᠦ ᠶᠢᠨ ᠬᠠᠮᠳᠤ ᠭᠦᠨᠵᠡᠭᠡᠶ ᠬᠠᠷᠢᠴᠠᠭᠤᠯᠤᠭᠰᠠᠨ ᠪᠠᠢᠴᠠᠭᠠᠯᠲᠠ ᠬᠢᠪᠠ᠃ ᠨᠠᠮ ᠤᠨ ᠡᠭᠦᠷ ᠤᠨ ᠳᠡᠳ᠋ ᠱᠦᠵᠢ ᠯᠢᠯᠢ ᠴᠦ᠋ᠬᠡᠨ ᠲᠣᠭᠠᠲᠤ ᠦᠨᠳᠦᠰᠦᠲᠡᠨ ᠤ᠋ ᠰᠤᠳᠤᠷ ᠪᠢᠴᠢᠭ ᠴᠤᠭᠯᠠᠭᠤᠯᠤᠨ ᠡᠮᠬᠢᠳᠭᠡᠵᠦ ᠰᠤᠳᠤᠯᠬᠤ ᠲᠠᠰᠤᠭ ᠤᠨ ᠢᠶᠠᠨ ᠨᠠᠮ ᠤᠨ ᠡᠭᠦᠷ ᠤᠨ 2022 ᠣᠨ ᠤ᠋ ᠵᠣᠬᠢᠶᠠᠨ ᠪᠠᠢᠭᠤᠯᠤᠯᠲᠠ ᠶᠢᠨ ᠠᠮᠢᠳᠤᠷᠠᠯ ᠤᠨ ᠬᠤᠷᠠᠯ ᠤᠨ ᠤᠷᠤᠰᠢᠵᠤ ᠪᠠᠢᠭ᠎ᠠ ᠠᠰᠠᠭᠤᠳᠠᠯ ᠪᠠ ᠴᠡᠭᠴᠡᠯᠡᠨ ᠰᠠᠢᠵᠢᠷᠠᠭᠤᠯᠵᠤ ᠨᠠᠢᠳᠠᠪᠤᠷᠢᠵᠢᠭᠤᠯᠤᠭᠰᠠᠨ ᠪᠠᠢᠳᠠᠯ᠂ ᠭᠤᠤᠯ ᠰᠡᠳᠦᠪᠲᠦ ᠬᠥᠮᠦᠵᠢᠯ ᠤᠨ ᠬᠤᠭᠤᠴᠠᠭᠠᠨ ᠳᠠᠬᠢ ᠤᠷᠤᠰᠢᠵᠤ ᠪᠠᠢᠭ᠎ᠠ ᠠᠰᠠᠭᠤᠳᠠᠯ ᠪᠠ ᠴᠡᠭᠴᠡᠯᠡᠨ ᠰᠠᠢᠵᠢᠷᠠᠭᠤᠯᠤᠭᠰᠠᠨ ᠪᠠᠢᠳᠠᠯ ᠢ ᠵᠠᠷᠯᠠᠨ ᠮᠡᠳᠡᠭᠳᠡᠪᠡ᠃ ᠲᠠᠷᠠᠭ᠎ᠠ ᠨᠢ ᠪᠦᠬᠦ ᠨᠠᠮ ᠤᠨ ᠭᠡᠰᠢᠭᠦᠨ ᠺᠠᠳ᠋ᠷ ᠲᠡᠰ ᠳᠠᠷᠠᠭᠠᠯᠠᠨ ᠬᠤᠪᠢ ᠬᠥᠮᠦᠨ ᠤ ᠬᠠᠷᠢᠴᠠᠭᠤᠯᠤᠭᠰᠠᠨ ᠪᠠᠢᠴᠠᠭᠠᠯᠲᠠ ᠬᠢᠵᠦ᠂ ᠬᠠᠮᠤᠭ ᠤᠨ ᠰᠡᠬᠦᠯ ᠳᠤ ᠬᠠᠷᠢᠯᠴᠠᠨ ᠦᠨᠡᠯᠡᠪᠡ᠃ ᠲᠣᠰ ᠤᠳᠠᠭᠠᠨ ᠤ ᠵᠣᠬᠢᠶᠠᠨ ᠪᠠᠢᠭᠤᠯᠤᠯᠲᠠ ᠶᠢᠨ ᠠᠮᠢᠳᠤᠷᠠᠯ ᠤᠨ ᠬᠤᠷᠠᠯ ᠳᠡᠭᠡᠷ᠎ᠡ᠂ ᠨᠠᠮ ᠤᠨ ᠭᠡᠰᠢᠭᠦᠨ ᠺᠠᠳ᠋ᠷᠴᠤᠳ ᠪᠣᠳᠠᠲᠠᠶ ᠠᠴᠠ ᠡᠭᠦᠰᠦᠨ ᠥᠪᠡᠷ ᠤᠨ ᠰᠢᠭᠦᠮᠵᠢᠯᠡᠯ ᠪᠠ ᠬᠠᠷᠢᠯᠴᠠᠨ ᠦᠨᠡᠯᠡᠬᠦ ᠶᠢ ᠲᠥᠪ ᠴᠢᠩᠭ᠎ᠠ ᠥᠷᠨᠢᠭᠦᠯᠵᠦ᠂ 《ᠨᠢᠭᠤᠷ ᠢᠶᠠᠨ ᠤᠯᠠᠢᠯᠭᠠᠬᠤ ᠂ ᠬᠥᠯᠥᠰᠦ ᠪᠠᠨ ᠭᠠᠷᠭᠠᠬᠤ᠂ ᠬᠤᠣᠷ ᠢᠶᠠᠨ ᠠᠷᠢᠯᠭᠠᠬᠤ》ᠦᠷ᠎ᠡ ᠪᠦᠲᠦᠮᠵᠢ ᠳᠤ ᠦᠨᠡᠨ ᠬᠦ ᠬᠦᠷᠴᠦ᠂ ᠥᠪᠡᠷ ᠤᠨ ᠬᠦᠷᠦᠯᠴᠡᠬᠦ ᠥᠬᠡᠶ ᠲᠠᠯ᠎ᠠ᠂ ᠵᠥᠷᠢᠶ᠎ᠡ ᠪᠠᠨ ᠡᠷᠢᠨ ᠭᠠᠷᠭᠠᠵᠤ᠂ ᠵᠢᠱ᠌ᠢᠭᠰᠡᠨ ᠦᠷ᠎ᠡ ᠪᠦᠲᠦᠮᠵᠢ ᠳᠤ ᠪᠠᠨ ᠬᠦᠷᠴᠡᠶ᠃
ᠬᠠᠮᠤᠭ ᠤᠨ ᠰᠡᠭᠦᠯ ᠳᠤ ᠨᠠᠮ ᠤᠨ ᠡᠭᠦᠷ ᠤᠨ ᠱᠦᠵᠢ ᠰᠣᠶᠣᠯᠲᠤ ᠳ᠋ᠦᠩᠨᠡᠨ ᠦᠨᠡᠯᠡᠯᠲᠡ ᠬᠢᠬᠦ ᠳᠤ ᠪᠠᠨ᠂ ᠣᠯᠠᠨ ᠢᠶᠠᠷ ᠢᠶᠠᠨ ᠰᠢᠭᠦᠮᠵᠢᠯᠡᠯ ᠪᠠ ᠥᠪᠡᠷ ᠤᠨ ᠰᠢᠭᠦᠮᠵᠢᠯᠡᠯ ᠢ ᠵᠣᠷᠢᠭᠲᠠᠶ ᠪᠠᠷ ᠥᠷᠨᠢᠭᠦᠯᠵᠦ᠂ ᠪᠣᠳᠠᠲᠤ ᠪᠠᠢᠳᠠᠯ ᠲᠠᠢ ᠪᠠᠨ ᠤᠶᠠᠯᠳᠤᠭᠤᠯᠵᠤ᠂ ᠥᠪᠡᠷ ᠤᠨ ᠠᠵᠢᠯ ᠳᠤ ᠪᠠᠨ ᠴᠢᠭᠯᠡᠭᠦᠯᠦᠨ ᠣᠷᠣᠰᠢᠵᠤ ᠪᠠᠢᠭ᠎ᠠ ᠠᠰᠠᠭᠤᠳᠠᠯ ᠢ ᠳᠤᠷᠠᠳᠴᠤ᠂ ᠬᠦᠷᠦᠯᠴᠡᠬᠦ ᠦᠭᠡᠢ ᠲᠠᠯ᠎ᠠ ᠪᠠᠨ ᠡᠷᠢᠵᠦ ᠭᠠᠷᠭᠠᠭᠰᠠᠨ ᠪᠠᠢᠨ᠎ᠠ᠃ ᠨᠠᠮ ᠤᠨ ᠭᠡᠰᠢᠭᠦᠨ ᠨᠢᠬᠡ ᠪᠦᠷᠢ ᠴᠥᠮ ᠳᠠᠷᠤᠤ ᠬᠢᠴᠢᠶᠡᠩᠭᠦᠢ ᠪᠠᠷ ᠪᠤᠰᠤᠳ ᠨᠥᠬᠦᠳ ᠤᠨ ᠳᠤᠷᠠᠳᠤᠭᠰᠠᠨ ᠰᠠᠨᠠᠯ ᠰᠠᠨᠠᠭᠤᠯᠭ᠎ᠠ ᠶᠢ ᠴᠢᠩ ᠰᠡᠳᠬᠢᠯ ᠠᠴᠠ ᠪᠠᠨ ᠬᠦᠯᠢᠶᠡᠨ ᠠᠪᠴᠦ᠂ ᠮᠠᠨ ᠤ ᠨᠠᠮ ᠤᠨ ᠡᠭᠦᠷ ᠤᠨ ᠳᠠᠢᠴᠢᠨ ᠪᠠᠬᠢᠯᠡᠯᠲᠡ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠨᠠᠮ ᠤᠨ ᠭᠡᠰᠢᠭᠦᠨ ᠺᠠᠳ᠋ᠷ ᠢ ᠬᠦᠮᠦᠵᠢᠭᠦᠯᠦᠨ ᠵᠢᠯᠣᠭᠤᠳᠴᠤ ᠪᠠᠢᠭᠠᠳ ᠰᠤᠷᠤᠯᠴᠠᠯᠭ᠎ᠠ ᠪᠠᠷ ᠰᠦᠭ ᠰᠦᠨᠡᠰᠦ ᠪᠠᠨ ᠱᠤᠭᠤᠬᠤ᠂ ᠰᠤᠷᠤᠯᠴᠠᠯᠭ᠎ᠠ ᠪᠠᠷ ᠤᠶᠤᠨ ᠤᠬᠠᠭᠠᠨ ᠢᠶᠠᠨ ᠨᠡᠮᠡᠭᠳᠡᠭᠦᠯᠬᠦ᠂ ᠰᠤᠷᠤᠯᠴᠠᠯᠭ᠎ᠠ ᠪᠠᠷ ᠰᠤᠷᠲᠠᠯ ᠢᠶᠠᠨ ᠲᠥᠪ ᠪᠣᠯᠭᠠᠬᠤ᠂ ᠰᠤᠷᠤᠯᠴᠠᠯᠭ᠎ᠠ ᠪᠠᠷ ᠮᠡᠳᠡᠯᠬᠡ ᠪᠤᠯᠪᠠᠰᠤᠷᠠᠯ ᠢᠶᠠᠨ ᠠᠬᠢᠭᠤᠯᠬᠤ ᠳᠡᠭᠡᠷ᠎ᠡ ᠬᠦᠴᠦ ᠲᠠᠯᠪᠢᠨ ᠪᠣᠳᠠᠲᠤ ᠦᠷ᠎ᠡ ᠪᠦᠲᠦᠮᠵᠢ ᠭᠠᠷᠭᠠᠵᠤ᠂ ᠠᠵᠢᠯ ᠤᠨ ᠰᠠᠨᠠᠭᠠᠴᠢᠯᠠᠭᠠᠲᠤ ᠴᠢᠨᠠᠷ ᠢ ᠡᠵᠡᠮᠳᠡᠵᠦ᠂ ᠦᠷᠭᠦᠯᠵᠢᠯᠡᠨ ᠪᠦᠯᠬᠦᠮᠳᠡᠨ ᠬᠠᠮᠵᠢᠯᠴᠠᠵᠤ᠂ ᠶᠡᠷᠦᠩᠬᠡᠢ ᠱᠦᠵᠢ ᠰᠢ ᠶᠢᠨ ᠫᠢᠩ ᠤᠨ ᠰᠤᠳᠤᠷ ᠪᠢᠴᠢᠭ ᠤᠨ ᠠᠵᠢᠯ ᠳᠤ ᠴᠢᠭᠯᠡᠭᠦᠯᠦᠨ ᠳᠤᠷᠠᠳᠤᠭᠰᠠᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠢᠳᠠᠪᠤᠷᠢᠵᠢᠭᠤᠯᠵᠤ᠂ ᠪᠦᠬᠦ ᠣᠷᠣᠨ ᠤ ᠰᠤᠳᠤᠷ ᠪᠢᠴᠢᠭ ᠤᠨ ᠦᠢᠯᠡᠰ ᠤᠨ ᠬᠥᠭᠵᠢᠯᠲᠡ ᠳᠤ ᠨᠡᠩ ᠶᠡᠭᠡ ᠬᠤᠪᠢ ᠨᠡᠮᠡᠷᠢ ᠦᠵᠡᠭᠦᠯᠦᠨ᠎ᠡ ᠭᠡᠪᠡ᠃
ᠮᠣᠩᠭᠤᠯ ᠣᠷᠴᠢᠭᠤᠯᠭ᠎ᠠ᠄ ᠥᠪᠦᠷ ᠮᠣᠩᠭᠤᠯ ᠤ᠋ᠨ ᠥᠪᠡᠷᠲᠡᠭᠡᠨ ᠵᠠᠰᠠᠬᠤ ᠣᠷᠤᠨ ᠤ᠋ ᠦᠨᠳᠦᠰᠦᠲᠡᠨ ᠤ᠋ ᠬᠡᠷᠡᠭ ᠡᠷᠬᠢᠯᠡᠬᠦ ᠵᠥᠪᠯᠡᠯ ᠤ᠋ᠨ ᠮᠣᠩᠭᠤᠯ ᠰᠦᠯᠵᠢᠶ᠎ᠡ