ᠦᠪᠦᠷ ᠮᠤᠩᠭᠤᠯ ᠤᠨ 《ᠰᠢᠨ᠎ᠡ ᠪᠠᠷ ᠤᠷᠴᠢᠭᠤᠯᠤᠭᠰᠠᠨ ᠤᠯᠠᠭᠠᠨ ᠠᠰᠠᠷ ᠤᠨ ᠵᠡᠬᠦᠳᠦᠨ》 ᠢ ᠡᠮᠬᠢᠳᠬᠡᠨ ᠭᠡᠪᠯᠡᠬᠦᠯᠬᠦ ᠲᠦᠷᠦᠯ ᠵᠦᠢᠯ ᠢ ᠤᠯᠤᠰ ᠤᠨ ᠦᠨᠳᠦᠰᠦᠳᠡᠨ ᠤ ᠵᠦᠪᠯᠡᠯ  ᠤᠨ 《ᠲᠤᠮᠳᠠᠳᠤ ᠶᠢᠨ ᠦᠨᠳᠦᠰᠦᠳᠡᠨ ᠤ ᠬᠠᠮᠳᠤ ᠶᠢᠨ ᠴᠤᠭᠴᠨ ᠶᠢᠨ ᠤᠬᠠᠮᠰᠠᠷ ᠢ ᠪᠠᠳᠤᠳᠬᠠᠬᠤ ᠰᠤᠳᠤᠷ ᠪᠢᠴᠢᠭ ᠢ ᠡᠮᠬᠢᠳᠬᠡᠨ ᠭᠡᠪᠯᠡᠬᠦᠯᠬᠦ ᠴᠣᠪᠣᠷᠠᠯ ᠪᠢᠴᠢᠭ》 ᠲᠤ ᠭᠤᠶᠤᠴᠢᠯᠠᠨ ᠮᠡᠳᠡᠬᠦᠯᠬᠦ ᠠᠵᠢᠯ ᠵᠢᠩᠬᠢᠨᠢ ᠪᠠᠷ ᠡᠬᠢᠯᠡᠪᠡ
2023.09.15 ᠲᠣᠰ ᠥᠷᠲᠡᠭᠡᠨ ᠦ ᠨᠠᠢᠷᠠᠭᠤᠯᠤᠭᠴᠢ

   ᠶᠡᠷᠦᠩᠭᠡᠢ ᠱᠦᠵᠢ ᠰᠢ ᠶᠢᠨ ᠫᠢᠩ ᠤᠨ ᠴᠦᠭᠡᠨ ᠲᠤᠭᠠᠳᠤ ᠦᠨᠳᠦᠰᠦᠳᠡᠨ ᠤ ᠰᠤᠳᠤᠷ ᠪᠢᠴᠢᠭ ᠤᠨ ᠠᠵᠢᠯ ᠢ  ᠰᠠᠢᠲᠤᠷ ᠬᠢᠬᠦ ᠲᠤᠬᠠᠢ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠶᠢ ᠲᠤᠭᠤᠰᠢᠯᠠᠭᠤᠯᠤᠨ ᠨᠠᠢᠳᠠᠪᠤᠷᠢᠵᠢᠭᠤᠯᠬᠤ  ᠶᠢᠨ ᠲᠦᠯᠦᠭᠡ᠂ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠴᠦᠭᠡᠨ ᠲᠤᠭᠠᠳᠤ ᠦᠨᠳᠦᠰᠦᠳᠡᠨ ᠤ ᠰᠤᠳᠤᠷ ᠪᠢᠴᠢᠭ  ᠴᠤᠭᠯᠠᠭᠤᠯᠤᠨ ᠡᠮᠬᠢᠳᠭᠡᠵᠦ ᠰᠤᠳᠤᠯᠬᠤ ᠲᠠᠰᠤᠭ ᠲᠤᠮᠳᠠᠳᠤ ᠶᠢᠨ ᠦᠨᠳᠦᠰᠦᠳᠡᠨ ᠤ ᠬᠠᠮᠳᠤ ᠶᠢᠨ ᠴᠤᠭᠴᠨ ᠶᠢᠨ ᠤᠬᠠᠮᠰᠠᠷ ᠢ ᠪᠠᠳᠤᠳᠬᠠᠬᠤ ᠶᠢᠨ ᠲᠤᠭᠤᠷᠢᠨ ᠳᠤ᠂ 《ᠠᠭᠤᠰᠤᠯᠴᠠᠯ ᠴᠢᠨᠠᠷ》᠂ 《ᠨᠡᠢᠲᠡᠯᠢᠭ ᠴᠢᠨᠠᠷ》 ᠤᠨ ᠦᠵᠡᠯᠳᠡ ᠪᠠ ᠲᠡᠤᠭᠡ ᠶᠢᠨ ᠪᠤᠳᠠᠳᠤ ᠪᠠᠢᠳᠠᠯ ᠢ ᠢᠯᠡᠷᠡᠬᠦᠯᠦᠭᠰᠡᠨ ᠴᠦᠭᠡᠨ ᠲᠤᠭᠠᠳᠤ ᠦᠨᠳᠦᠰᠦᠳᠡᠨ ᠤ ᠦᠰᠦᠭ ᠪᠢᠴᠢᠭ ᠤᠨ ᠡᠷᠲᠡᠨ ᠤ ᠰᠤᠷᠪᠤᠯᠵᠢ ᠪᠢᠴᠢᠭ ᠢ ᠡᠮᠬᠢᠳᠬᠡᠨ ᠭᠡᠪᠯᠡᠬᠦᠯᠬᠦ ᠠᠵᠢᠯ ᠢ ᠦᠷᠨᠢᠬᠦᠯᠵᠠᠢ᠃ ᠣᠢᠷ᠎ᠠ ᠳᠤ᠂ ᠤᠯᠤᠰ ᠤᠨ ᠦᠨᠳᠦᠰᠦᠳᠡᠨ ᠤ ᠵᠦᠪᠯᠡᠯ ᠤᠨ ᠰᠤᠳᠤᠯᠭᠠᠨ ᠤ ᠲᠦᠷᠦᠯ ᠵᠦᠢᠯ — 《ᠲᠤᠮᠳᠠᠳᠤ ᠶᠢᠨ ᠦᠨᠳᠦᠰᠦᠳᠡᠨ ᠤ ᠬᠠᠮᠳᠤ ᠶᠢᠨ ᠴᠤᠭᠴᠨ ᠶᠢᠨ ᠤᠬᠠᠮᠰᠠᠷ ᠢ ᠪᠠᠳᠤᠳᠬᠠᠬᠤ ᠰᠤᠳᠤᠷ ᠪᠢᠴᠢᠭ ᠢ ᠡᠮᠬᠢᠳᠬᠡᠨ ᠬᠡᠪᠯᠡᠭᠦᠯᠬᠦ ᠴᠣᠪᠣᠷᠠᠯ ᠪᠢᠴᠢᠭ》 ᠢ ᠭᠤᠶᠤᠴᠢᠯᠠᠨ ᠮᠡᠳᠡᠬᠦᠯᠬᠦ ᠱᠠᠭᠠᠷᠳᠠᠯᠭ᠎ᠠ ᠶᠤᠰᠤᠭᠠᠷ᠂ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠨᠤᠮ ᠤᠨ ᠰᠠᠩ ᠤᠨ ᠬᠠᠳᠠᠭᠠᠯᠠᠭᠰᠠᠨ ᠲᠡᠪᠳᠡᠷ 《ᠰᠢᠨ᠎ᠡ ᠪᠠᠷ ᠤᠷᠴᠢᠭᠤᠯᠤᠭᠰᠠᠨ ᠤᠯᠠᠭᠠᠨ ᠠᠰᠠᠷ ᠤᠨ ᠵᠡᠬᠦᠳᠦᠨ》 ᠢ ᠡᠮᠬᠢᠳᠬᠡᠨ ᠭᠡᠪᠯᠡᠬᠦᠯᠬᠦ ᠲᠦᠷᠦᠯ ᠵᠦᠢᠯ ᠢᠶᠠᠷ  ᠪᠠᠢᠴᠠᠭᠠᠨ ᠰᠤᠳᠤᠯᠵᠤ ᠰᠤᠩᠭᠤᠨ ᠲᠤᠭᠳᠠᠭᠠᠪᠠ᠃

      《ᠰᠢᠨ᠎ᠡ ᠪᠠᠷ ᠤᠷᠴᠢᠭᠤᠯᠤᠭᠰᠠᠨ ᠤᠯᠠᠭᠠᠨ ᠠᠰᠠᠷ ᠤᠨ ᠵᠡᠬᠦᠳᠦᠨ》 ᠪᠤᠯ ᠴᠢᠩ ᠤᠯᠤᠰ ᠤᠨ ᠦᠶ᠎ᠡ ᠶᠢᠨ ᠮᠤᠩᠭᠤᠯ ᠦᠨᠳᠦᠰᠦᠳᠡᠨ ᠤ ᠠᠯᠳᠠᠷᠳᠤ ᠤᠷᠴᠢᠭᠤᠯᠤᠭᠴᠢ ᠬᠠᠰᠪᠤᠤ ᠲᠤᠮᠳᠠᠳᠤ ᠤᠯᠤᠰ ᠤᠨ ᠬᠢᠳᠠᠳ ᠭᠡᠯᠡᠨ ᠤ ᠷᠤᠮᠠᠨ 《ᠤᠯᠠᠭᠠᠨ ᠠᠰᠠᠷ ᠤᠨ ᠵᠡᠬᠦᠳᠦᠨ》 ᠤ 120 ᠪᠦᠯᠦᠭ ᠢ ᠦᠨᠳᠦᠰᠦᠯᠡᠵᠦ᠂ 40 ᠪᠥᠯᠥᠭ ᠪᠣᠯᠭᠠᠨ ᠤᠷᠴᠢᠭᠤᠯᠤᠭᠰᠠᠨ ᠮᠣᠩᠭᠤᠯ ᠬᠡᠯᠡᠨ ᠤ 《ᠰᠢᠨ᠎ᠡ ᠪᠠᠷ ᠤᠷᠴᠢᠭᠤᠯᠤᠭᠰᠠᠨ ᠤᠯᠠᠭᠠᠨ ᠠᠰᠠᠷ ᠤᠨ ᠵᠡᠬᠦᠳᠦᠨ》 ᠪᠤᠯᠤᠨ᠎ᠠ᠃ ᠲᠤᠰ ᠤᠷᠴᠢᠭᠤᠯᠭ᠎ᠠ ᠨᠢ ᠮᠠᠨ ᠤ ᠤᠯᠠᠨ ᠦᠨᠳᠦᠰᠦᠳᠡᠨ ᠲᠠᠢ ᠤᠯᠤᠰ ᠤᠨ ᠤᠳᠬ᠎ᠠ ᠵᠤᠬᠢᠶᠠᠯ ᠤᠨ ᠡᠷᠳᠡᠨᠢᠰ ᠤᠨ ᠰᠠᠩ ᠢ ᠪᠠᠶᠠᠯᠢᠬᠵᠢᠭᠤᠯᠵᠤ᠂ ᠮᠠᠨ ᠤ ᠤᠯᠤᠰ ᠤᠨ ᠦᠨᠳᠦᠰᠦᠳᠡᠨ ᠨᠦᠭᠦᠳ ᠤᠨ ᠶᠠᠪᠤᠯᠴᠠᠭ᠎ᠠ ᠰᠤᠯᠢᠯᠴᠠᠭ᠎ᠠ ᠠᠭᠤᠰᠤᠯᠴᠠᠯ ᠤᠨ ᠲᠡᠤᠭᠡ ᠶᠢ ᠪᠤᠰᠤᠳᠴᠢ ᠪᠠᠷ ᠲᠤᠰᠬᠠᠵᠤ᠂ ᠰᠤᠶᠤᠯ ᠤᠨ ᠢᠳᠡᠭᠡᠯ ᠢ ᠪᠠᠳᠤᠳᠬᠠᠵᠤ᠂ ᠲᠤᠮᠳᠠᠳᠤ ᠶᠢᠨ ᠦᠨᠳᠦᠰᠦᠳᠡᠨ ᠤ ᠬᠠᠮᠳᠤ ᠶᠢᠨ ᠴᠤᠭᠴᠨ ᠶᠢᠨ ᠤᠬᠠᠮᠰᠠᠷ ᠢ ᠪᠠᠳᠤᠳᠬᠠᠬᠤ ᠳᠤ ᠬᠤᠪᠢ ᠨᠡᠮᠡᠷᠢ ᠪᠠᠨ ᠦᠵᠡᠬᠦᠯᠵᠠᠢ᠃

      ᠤᠳᠤᠬᠠᠨ ᠳᠤ᠂ ᠦᠪᠦᠷ ᠮᠤᠩᠭᠤᠯ ᠤᠨ  ᠦᠪᠡᠷᠳᠡᠭᠡᠨ ᠵᠠᠰᠠᠬᠤ ᠤᠷᠤᠨ ᠤ ᠨᠤᠮ ᠤᠨ ᠰᠠᠩ 《ᠰᠢᠨ᠎ᠡ ᠪᠠᠷ ᠤᠷᠴᠢᠭᠤᠯᠤᠭᠰᠠᠨ ᠤᠯᠠᠭᠠᠨ ᠠᠰᠠᠷ ᠤᠨ ᠵᠡᠬᠦᠳᠦᠨ》  ᠢ᠋ ᠰᠢᠷᠪᠢᠵᠦ ᠬᠠᠮᠠᠭᠠᠯᠠᠬᠤ ᠠᠵᠢᠯ ᠢ ᠬᠢᠵᠦ ᠪᠤᠢ᠃ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠴᠦᠭᠡᠨ ᠲᠤᠭᠠᠳᠤ ᠦᠨᠳᠦᠰᠦᠳᠡᠨ ᠤ ᠰᠤᠳᠤᠷ ᠪᠢᠴᠢᠭ ᠴᠤᠭᠯᠠᠭᠤᠯᠤᠨ ᠡᠮᠬᠢᠳᠭᠡᠵᠦ ᠰᠤᠳᠤᠯᠬᠤ ᠲᠠᠰᠤᠭ ᠪᠤᠯᠤᠨ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠨᠤᠮ ᠤᠨ ᠰᠠᠩ ᠬᠤᠶᠠᠷ  ᠪᠠᠢᠭᠤᠯᠭ᠎ᠠ ᠶᠢᠨ ᠭᠤᠤᠯ ᠬᠠᠷᠢᠭᠤᠴᠠᠯᠭᠠᠳᠠᠨ ᠤᠯᠠᠨ ᠤᠳᠠᠭ᠎ᠠ ᠶᠠᠷᠢᠯᠴᠠᠬᠤ ᠪᠠᠷ ᠳᠠᠮᠵᠢᠵᠤ᠂ ᠤᠯᠤᠰ ᠤᠨ ᠦᠨᠳᠦᠰᠦᠳᠡᠨ ᠤ ᠵᠦᠪᠯᠡᠯ ᠤᠨ ᠰᠤᠳᠤᠯᠭᠠᠨ ᠤ ᠲᠦᠷᠦᠯ ᠵᠦᠢᠯ — 《ᠲᠤᠮᠳᠠᠳᠤ ᠶᠢᠨ ᠦᠨᠳᠦᠰᠦᠳᠡᠨ ᠤ ᠬᠠᠮᠳᠤ ᠶᠢᠨ ᠴᠤᠭᠴᠨ ᠶᠢᠨ ᠤᠬᠠᠮᠰᠠᠷ ᠢ ᠪᠠᠳᠤᠳᠬᠠᠬᠤ ᠰᠤᠳᠤᠷ ᠪᠢᠴᠢᠭ ᠢ ᠡᠮᠬᠢᠳᠬᠡᠨ ᠬᠡᠪᠯᠡᠬᠦᠯᠬᠦ ᠴᠣᠪᠣᠷᠠᠯ ᠪᠢᠴᠢᠭ》 ᠢ ᠬᠠᠮᠳᠤᠷᠠᠵᠤ ᠭᠤᠶᠤᠴᠢᠯᠠᠨ ᠮᠡᠳᠡᠬᠦᠯᠬᠦ ᠬᠠᠮᠳᠤᠷᠠᠯᠴᠠᠭᠠᠨ ᠤ ᠬᠠᠮᠳᠤ ᠶᠢᠨ ᠲᠠᠨᠢᠯᠳᠠ ᠲᠠᠢ ᠪᠤᠯᠵᠠᠢ᠂ ᠡᠨᠡ ᠬᠦ᠌ ᠠᠵᠢᠯ ᠢ ᠲᠤᠤᠷ᠎ᠠ ᠬᠠᠭᠠᠰ ᠵᠢᠯ ᠳᠤ ᠲᠦᠷᠭᠡᠳᠬᠡᠨ ᠠᠬᠢᠭᠤᠯᠬᠤ ᠪᠣᠯᠣᠨ᠎ᠠ᠃

             

    ᠮᠣᠩᠭᠤᠯ ᠣᠷᠴᠢᠭᠤᠯᠭ᠎ᠠ᠄ ᠥᠪᠦᠷ ᠮᠣᠩᠭᠤᠯ ᠤ᠋ᠨ ᠥᠪᠡᠷᠲᠡᠭᠡᠨ ᠵᠠᠰᠠᠬᠤ ᠣᠷᠤᠨ ᠤ᠋                                        ᠦᠨᠳᠦᠰᠦᠲᠡᠨ ᠤ᠋ ᠬᠡᠷᠡᠭ ᠡᠷᠬᠢᠯᠡᠬᠦ ᠵᠥᠪᠯᠡᠯ ᠤ᠋ᠨ ᠮᠣᠩᠭᠤᠯ ᠰᠦᠯᠵᠢᠶ᠎ᠡ

蒙ICP备17000293号-1 蒙公网安备 15010202150932号