ᠲᠤᠰᠬᠠᠶ ᠲᠤᠰᠢᠶᠠᠯᠲᠤ ᠭᠡᠰᠢᠭᠦᠨ ᠠᠯᠲᠠ ᠲᠣᠭᠤᠶᠢᠯᠠᠩ ᠳᠠᠭᠠᠭᠤᠯᠤᠨ ᠪᠡᠭᠡᠵᠢᠩ ᠳᠤ ᠬᠦᠷᠴᠦ ᠤᠯᠤᠰ ᠤᠨ ᠬᠤᠯᠪᠣᠭᠳᠠᠯ ᠪᠦᠬᠦᠢ ᠨᠢᠭᠡᠴᠢ ᠳᠤ ᠦᠨᠳᠦᠰᠦᠲᠡᠨ ᠤ ᠰᠣᠳᠤᠷ ᠪᠢᠴᠢᠭ ᠤᠨ ᠲᠣᠬᠠᠢ ᠠᠵᠢᠯ ᠢ ᠬᠠᠷᠢᠭᠤ ᠮᠡᠳᠡᠭᠦᠯᠵᠦ ᠲᠣᠬᠢᠷᠠᠯᠴᠠᠪᠠ
2023.11.06 ᠲᠣᠰ ᠥᠷᠲᠡᠭᠡᠨ ᠦ ᠨᠠᠢᠷᠠᠭᠤᠯᠤᠭᠴᠢ

           ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠪᠠᠷ ᠭᠤᠤᠯ ᠰᠢᠵᠢᠮ ᠪᠣᠯᠭᠠᠵᠤ᠂ ᠰᠢᠨ᠎ᠡ ᠴᠠᠭ ᠦᠶ᠎ᠡ ᠶᠢᠨ ᠦᠨᠳᠦᠰᠦᠲᠡᠨ ᠤ ᠰᠣᠳᠤᠷ ᠪᠢᠴᠢᠭ ᠤᠨ ᠠᠵᠢᠯ ᠤᠨ ᠴᠢᠨᠠᠷ ᠰᠠᠢᠲᠠᠢ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ ᠤᠨ ᠨᠠᠮ ᠤᠨ ᠤᠳᠤᠷᠢᠳᠬᠤ ᠳᠤᠭᠤᠢᠯᠠᠩ ᠤᠨ ᠪᠦᠷᠢᠯᠳᠦᠬᠦᠨ᠂ ᠲᠤᠰᠬᠠᠶ ᠲᠤᠰᠢᠶᠠᠯᠲᠤ ᠭᠡᠰᠢᠭᠦᠨ ᠠᠯᠲᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠥᠭᠡᠨ ᠲᠣᠭᠠᠲᠤ ᠦᠨᠳᠦᠰᠦᠲᠡᠨ ᠤ ᠰᠣᠳᠤᠷ ᠪᠢᠴᠢᠭ ᠴᠤᠭᠯᠠᠭᠤᠯᠤᠨ ᠡᠮᠬᠢᠳᠭᠡᠵᠦ  ᠰᠣᠳᠤᠯᠬᠤ ᠲᠠᠰᠤᠭ ᠤᠨ ᠡᠷᠬᠢᠯᠡᠭᠴᠢ ᠰᠣᠶᠣᠯᠲᠤ ᠨᠠᠷ᠂ 2023 ᠣᠨ ᠤ 10 ᠳ᠋ᠤᠭᠠᠷ ᠰᠠᠷ᠎ᠠ ᠶᠢᠨ 17 ᠤ ᠡᠳᠦᠷ ᠠᠴᠠ 20 ᠤ ᠡᠳᠦᠷ ᠪᠣᠯᠲᠠᠯ᠎ᠠ ᠪᠡᠭᠡᠵᠢᠩ ᠳᠤ ᠬᠦᠷᠴᠦ ᠤᠯᠤᠰ ᠤᠨ ᠦᠨᠳᠦᠰᠦᠲᠡᠨ ᠤ ᠵᠥᠪᠯᠡᠯ ᠤᠨ ᠪᠥᠬᠦ ᠤᠯᠤᠰ ᠤᠨ ᠴᠥᠭᠡᠨ ᠲᠣᠭᠠᠲᠤ ᠦᠨᠳᠦᠰᠦᠲᠡᠨ ᠤ ᠰᠣᠳᠤᠷ ᠪᠢᠴᠢᠭ ᠢ ᠡᠮᠬᠢᠳᠬᠡᠨ ᠰᠤᠳᠤᠯᠬᠤ ᠭᠠᠵᠠᠷ᠂ ᠳᠤᠮᠳᠠᠳᠤ ᠤᠯᠤᠰ ᠤᠨ ᠨᠡᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠦᠨᠳᠦᠰᠦᠲᠡᠨ ᠤ ᠤᠳᠬ᠎ᠠ ᠵᠣᠬᠢᠶᠠᠯ ᠰᠤᠳᠤᠯᠬᠤ ᠭᠠᠵᠠᠷ᠂ ᠳᠤᠮᠳᠠᠳᠤ ᠤᠯᠤᠰ ᠤᠨ ᠶᠡᠭᠡ ᠨᠡᠪᠲᠡᠷᠬᠡᠶ ᠲᠣᠯᠢ ᠶᠢᠨ ᠬᠡᠪᠯᠡᠯ ᠤᠨ ᠬᠤᠷᠢᠶ᠎ᠠ᠂ ᠦᠨᠳᠦᠰᠦᠲᠡᠨ ᠤ ᠬᠡᠪᠯᠡᠯ ᠤᠨ ᠬᠤᠷᠢᠶ᠎ᠠ ᠵᠡᠷᠭᠡ ᠬᠤᠯᠪᠣᠭᠳᠠᠯ ᠪᠥᠬᠦᠶ ᠨᠢᠭᠡᠴᠢ ᠳᠤ ᠠᠵᠢᠯ ᠢᠶᠠᠨ ᠬᠠᠷᠢᠭᠤ ᠮᠡᠳᠡᠭᠦᠯᠵᠦ ᠲᠣᠬᠢᠷᠠᠯᠴᠠᠭᠰᠠᠨ ᠪᠦᠭᠡᠳ ᠰᠠᠨᠠᠯ ᠢᠶᠠᠨ ᠰᠣᠯᠢᠯᠴᠠᠨ ᠶᠠᠷᠢᠯᠴᠠᠪᠠ᠃

           ᠶᠠᠷᠢᠯᠴᠠᠬᠤ ᠬᠤᠷᠠᠯ ᠳᠡᠭᠡᠷ᠎ᠡ᠂ ᠠᠯᠲᠠ ᠭᠡᠰᠢᠭᠦᠨ ᠡᠯ᠎ᠡ ᠨᠢᠭᠡᠴᠢ ᠶᠢᠨ ᠬᠢᠨ ᠤ ᠣᠷᠳᠣ ᠬᠤᠭᠤᠴᠠᠭᠠᠨ ᠤ ᠲᠤᠷᠰᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠥᠭᠡᠨ ᠲᠣᠭᠠᠲᠤ ᠦᠨᠳᠦᠰᠦᠲᠡᠨ ᠤ ᠰᠣᠳᠤᠷ ᠪᠢᠴᠢᠭ ᠤᠨ ᠠᠵᠢᠯ ᠢ ᠬᠠᠯᠠᠮᠵᠢᠯᠠᠨ ᠳᠡᠮᠵᠢᠵᠦ ᠢᠷᠡᠭᠰᠡᠨ ᠳᠤ ᠲᠠᠯᠠᠷᠬᠠᠵᠤ ᠪᠠᠢᠬᠤ ᠪᠠᠨ ᠢᠯᠡᠳᠬᠡᠭᠰᠡᠨ ᠪᠥᠭᠡᠳ ᠳᠡᠭᠡᠳᠦ ᠱᠠᠲᠤᠨ ᠤ ᠰᠠᠯᠠᠭ᠎ᠠ ᠮᠥᠴᠢᠷ ᠨᠢᠭᠡᠴᠢ ᠶᠢᠨ ᠵᠢᠯᠣᠭᠤᠳᠣᠯᠭ᠎ᠠ ᠬᠠᠪᠰᠤᠷᠤᠯᠭ᠎ᠠ ᠳᠤᠤᠷ᠎ᠠ᠂ ᠳᠤᠮᠳᠠᠳᠤ ᠶᠢᠨ ᠰᠣᠶᠣᠯ ᠢ ᠵᠠᠯᠭᠠᠮᠵᠢᠯᠠᠵᠦ᠂ᠦᠨᠳᠦᠰᠦᠲᠡᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠪᠦᠲᠦᠭᠡᠯᠴᠢ ᠴᠢᠨᠠᠷᠲᠠᠶ ᠪᠠᠷ ᠤᠯᠠᠷᠢᠭᠤᠯᠬᠤ᠂ ᠰᠢᠨ᠎ᠡ ᠡᠭᠦᠳᠦᠯᠲᠡ ᠶᠢᠨ ᠴᠢᠨᠠᠷᠲᠠᠶ ᠪᠠᠷ ᠬᠦᠭᠵᠢᠭᠦᠯᠬᠦ ᠶᠢ ᠭᠦᠨᠵᠡᠭᠡᠶ ᠠᠬᠢᠭᠤᠯᠵᠤ᠂ ᠮᠠᠨ ᠤ ᠣᠷᠣᠨ ᠤ ᠴᠥᠭᠡᠨ ᠲᠣᠭᠠᠲᠤ ᠦᠨᠳᠦᠰᠦᠲᠡᠨ ᠤ ᠰᠣᠳᠤᠷ ᠪᠢᠴᠢᠭ ᠤᠨ ᠠᠵᠢᠯ ᠤᠤᠯ  ᠤᠨ ᠰᠠᠭᠤᠷᠢᠨ ᠳᠡᠭᠡᠷ᠎ᠡ ᠨᠠᠩ ᠥᠨᠳᠥᠷ ᠳᠡᠭᠲᠡᠷ ᠲᠤ ᠭᠠᠷᠭᠠᠪᠠ ᠭᠡᠵᠦ ᠢᠯᠡᠳᠬᠡᠪᠡ᠃

      

            ᠡᠯ᠎ᠡ ᠬᠠᠮᠲᠤᠷᠠᠯᠴᠠᠭᠠᠨ ᠤ ᠨᠢᠭᠡᠴᠢ ᠶᠢᠨ ᠬᠤᠯᠪᠣᠭᠳᠠᠯ ᠪᠦᠬᠦᠢ ᠬᠠᠷᠢᠭᠤᠴᠠᠯᠭᠠᠲᠠᠨ᠂ ᠬᠠᠮᠵᠢᠯᠴᠠᠭ᠎ᠠ ᠪᠠᠨ ᠤᠯᠠᠮ ᠴᠢᠨᠠᠭᠰᠢᠳᠠ ᠴᠢᠩᠭᠠᠳᠬᠠᠵᠤ᠂ ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠬᠦ᠂ ᠡᠬᠢ ᠪᠠᠶᠠᠯᠢᠭ ᠢᠶᠠᠨ ᠬᠠᠮᠲᠤ ᠪᠠᠷ ᠡᠳ᠋ᠯᠡᠬᠦ᠂ ᠦᠷᠭᠦᠯᠵᠢᠯᠡᠬᠦᠢ ᠬᠥᠭᠵᠢᠯᠲᠡ ᠶᠢᠨ ᠪᠠᠢᠯᠳᠤᠬᠤ ᠪᠤᠳᠤᠯᠭ᠎ᠠ ᠶᠢᠨ ᠬᠠᠮᠲᠤᠷᠠᠯᠴᠠᠭᠠᠨ ᠤ ᠬᠠᠷᠢᠴᠠᠭ᠎ᠠ ᠶᠢ ᠬᠠᠮᠲᠤ ᠪᠠᠷ  ᠪᠠᠢᠭᠤᠯᠵᠤ᠂ ᠲᠡᠷᠢᠭᠦᠨ ᠤ ᠰᠣᠶᠣᠯ ᠤᠨ ᠣᠢᠯᠭᠠᠭᠳᠠᠬᠤᠨ ᠢᠶᠠᠷ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠬᠦ᠂ ᠡᠷᠲᠡᠨ ᠤ ᠬᠢ ᠶᠢ ᠡᠳᠦᠭᠡ ᠳᠤ ᠦᠢᠯᠡᠴᠢᠯᠡᠭᠦᠯᠬᠦ᠂ ᠲᠤᠲᠠᠭᠤᠳᠠᠯ ᠢ ᠨᠢ ᠣᠭᠤᠷᠴᠤ ᠰᠢᠯᠢᠳᠡᠭ ᠢ ᠨᠢ ᠵᠠᠯᠭᠠᠮᠵᠢᠯᠠᠬᠤ᠂ ᠤᠳᠤ ᠦᠶ᠎ᠡ ᠳᠤ ᠦᠢᠯᠡᠴᠢᠯᠡᠬᠦ᠂ ᠢᠷᠡᠭᠡᠳᠦᠢ ᠳᠤ ᠦᠢᠯᠡᠴᠢᠯᠡᠬᠦ ᠶᠢ ᠪᠠᠷᠢᠮᠲᠠᠯᠠᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠥᠭᠡᠨ ᠲᠣᠭᠠᠲᠤ ᠦᠨᠳᠦᠰᠦᠲᠡᠨ ᠤ ᠰᠣᠳᠤᠷ ᠪᠢᠴᠢᠭ ᠤᠨ ᠠᠵᠢᠯ ᠤᠨ ᠴᠢᠨᠠᠷ ᠰᠠᠢᠲᠠᠢ ᠬᠥᠭᠵᠢᠯᠲᠡ ᠶᠢ ᠬᠠᠮᠲᠤ ᠪᠠᠷ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠢ  ᠪᠠᠢᠭᠤᠯᠬᠤ  ᠳᠤ ᠢᠳᠡᠪᠬᠢᠲᠡᠢ ᠦᠢᠯᠡᠳᠦᠯ ᠦᠵᠡᠭᠦᠯᠦᠨ᠎ᠡ ᠭᠡᠵᠦ ᠢᠯᠡᠳᠬᠡᠪᠡ᠃

               

ᠮᠣᠩᠭᠤᠯ ᠣᠷᠴᠢᠭᠤᠯᠭ᠎ᠠ᠄ ᠥᠪᠦᠷ ᠮᠣᠩᠭᠤᠯ ᠤ᠋ᠨ ᠥᠪᠡᠷᠲᠡᠭᠡᠨ ᠵᠠᠰᠠᠬᠤ ᠣᠷᠤᠨ ᠤ᠋ ᠦᠨᠳᠦᠰᠦᠲᠡᠨ ᠤ᠋ ᠬᠡᠷᠡᠭ ᠡᠷᠬᠢᠯᠡᠬᠦ ᠵᠥᠪᠯᠡᠯ ᠤ᠋ᠨ ᠮᠣᠩᠭᠤᠯ ᠰᠦᠯᠵᠢᠶ᠎ᠡ

ᠡᠮᠦᠨᠡᠬᠢ ᠵᠣᠬᠢᠶᠠᠯ:
ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠥᠭᠡᠨ ᠲᠣᠭᠠᠲᠤ ᠦᠨᠳᠦᠰᠦᠲᠡᠨ ᠤ ᠰᠤᠳᠤᠷ ᠪᠢᠴᠢᠭ ᠰᠤᠳᠤᠯᠬᠤ ᠲᠠᠰᠤᠭ ᠤᠨ ᠨᠠᠮ ᠤᠨ ᠡᠭᠦᠷ《ᠡᠭᠦᠷᠢᠲᠡ ᠨᠠᠮ ᠢᠶᠠᠨ ᠳᠠᠭᠠᠵᠤ᠂ ᠠᠴᠢ ᠡᠨᠡᠷᠢᠯ ᠳᠤ ᠲᠠᠯᠠᠷᠬᠠᠨ ᠰᠢᠨ᠎ᠡ ᠠᠶᠠᠨ ᠳᠤ ᠡᠷᠡᠯᠬᠡᠭᠯᠡᠨ ᠤᠷᠤᠭᠰᠢᠯᠠᠶ᠎ᠠ》ᠭᠡᠬᠦ ᠭᠤᠤᠯ ᠰᠡᠳᠦᠪᠲᠦ ᠨᠠᠮ ᠤᠨ ᠡᠳᠦᠷ ᠵᠢᠴᠢ ᠶᠢᠰᠦᠨ ᠰᠠᠷ᠎ᠠ ᠶᠢᠨ ᠶᠢᠰᠦᠨ ᠤ ᠪᠠᠶᠠᠷ ᠤᠨ ᠡᠳᠦᠷ ᠤᠨ ᠠᠵᠢᠯᠯᠠᠭ᠎ᠠ ᠥᠷᠨᠢᠭᠦᠯᠪᠡ
ᠳᠠᠷᠠᠭᠠᠬᠢ ᠵᠣᠬᠢᠶᠠᠯ:
ᠦᠪᠦᠷ ᠮᠤᠩᠭᠤᠯ ᠤᠨ 《ᠰᠢᠨ᠎ᠡ ᠪᠠᠷ ᠤᠷᠴᠢᠭᠤᠯᠤᠭᠰᠠᠨ ᠤᠯᠠᠭᠠᠨ ᠠᠰᠠᠷ ᠤᠨ ᠵᠡᠬᠦᠳᠦᠨ》 ᠢ ᠡᠮᠬᠢᠳᠬᠡᠨ ᠭᠡᠪᠯᠡᠬᠦᠯᠬᠦ ᠲᠦᠷᠦᠯ ᠵᠦᠢᠯ ᠢ ᠤᠯᠤᠰ ᠤᠨ ᠦᠨᠳᠦᠰᠦᠳᠡᠨ ᠤ ᠵᠦᠪᠯᠡᠯ  ᠤᠨ 《ᠲᠤᠮᠳᠠᠳᠤ ᠶᠢᠨ ᠦᠨᠳᠦᠰᠦᠳᠡᠨ ᠤ ᠬᠠᠮᠳᠤ ᠶᠢᠨ ᠴᠤᠭᠴᠨ ᠶᠢᠨ ᠤᠬᠠᠮᠰᠠᠷ ᠢ ᠪᠠᠳᠤᠳᠬᠠᠬᠤ ᠰᠤᠳᠤᠷ ᠪᠢᠴᠢᠭ ᠢ ᠡᠮᠬᠢᠳᠬᠡᠨ ᠭᠡᠪᠯᠡᠬᠦᠯᠬᠦ ᠴᠣᠪᠣᠷᠠᠯ ᠪᠢᠴᠢᠭ》 ᠲᠤ ᠭᠤᠶᠤᠴᠢᠯᠠᠨ ᠮᠡᠳᠡᠬᠦᠯᠬᠦ ᠠᠵᠢᠯ ᠵᠢᠩᠬᠢᠨᠢ ᠪᠠᠷ ᠡᠬᠢᠯᠡᠪᠡ
蒙ICP备17000293号-1 蒙公网安备 15010202150932号